ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠣᠭᠲᠠᠭᠤᠨ ᠢᠶᠠᠷ | ᠠᠬᠢᠭᠤᠯᠤᠭᠰᠠᠨ ᠶᠡᠭᠡ ᠠᠬᠤᠢ ᠪᠠᠶᠢᠳᠠᠯ ᠳᠣᠣᠷ᠎ᠠ᠂ ᠰᠣᠶᠣᠯ ᠢ ᠬᠥᠭᠵᠢᠭᠦᠯᠦᠨ ᠮᠠᠨᠳᠤᠭᠤᠯᠬᠤ ᠨᠢ ᠬᠦᠴᠦᠷᠬᠡᠭ ᠶᠡᠭᠡ | ᠲᠤᠷᠤᠨ᠎ᠠ ᠶᠢᠨ ᠰᠠᠯᠬᠢ ᠮᠡᠲᠦ ᠪᠠᠷ ᠬᠥᠳᠡᠭᠡ ᠲᠣᠰᠬᠤᠨ ᠤ ᠬᠥᠭᠵᠢᠯᠲᠡ ᠳᠤ ᠲᠠᠰᠤᠷᠠᠯᠳᠠ ᠦᠭᠡᠢ ᠠᠮᠢᠵᠢᠷᠠᠯ ᠤᠨ | ᠬᠦᠴᠦᠨ ᠨᠡᠮᠡᠷᠢᠯᠡᠪᠡ᠃ ᠵᠡᠭᠦᠨ ᠳᠥᠷᠥᠯᠵᠢ ᠪᠠᠯᠭᠠᠰᠤ ᠥᠪᠡᠷᠮᠢᠴᠡ ᠠᠷᠭ᠎ᠠ ᠵᠠᠮ ᠨᠡᠭᠡᠭᠡᠵᠦ᠂ ︽ᠲᠠᠯ᠎ᠠ ᠨᠤᠲᠤᠭ ᠤᠨ | ᠨᠣᠮ ᠤᠨ ᠥᠷᠥᠭᠡ +︾ ᠵᠠᠭᠪᠤᠷ ᠢ ᠨᠠᠷᠢᠨ ᠨᠢᠮᠪᠠᠶ ᠡᠭᠦᠳᠴᠦ᠂ ᠤᠤᠯ ᠤᠨ ᠡᠩ ᠤᠨ ᠲᠠᠯ᠎ᠠ ᠨᠤᠲᠤᠭ ᠤᠨ ᠨᠣᠮ | ᠤᠨ ᠥᠷᠥᠭᠡ ᠪᠠᠨ ᠨᠠᠮ ᠤᠨ ᠲᠡᠦᠬᠡ ᠰᠤᠷᠤᠯᠴᠠᠬᠤ ︽ᠲᠦᠳᠡᠭ ᠤᠨ ᠲᠠᠶᠢᠰᠠ︾᠂ ᠰᠠᠶᠢᠨ ᠳᠤᠷ᠎ᠠ ᠶᠢᠨ | ᠦᠶᠯᠡᠴᠢᠯᠡᠭᠡᠨ ᠤ ︽ᠰᠡᠳᠬᠢᠯ ᠤᠨ ᠬᠥᠭᠦᠷᠭᠡ︾᠂ ᠰᠣᠶᠣᠯ ᠤᠨ ᠴᠢᠨᠡᠭᠡᠯᠢᠭᠵᠢᠯ ᠤᠨ ︽ᠡᠷᠳᠡᠨᠢᠰ ᠤᠨ ᠰᠠᠩ︾ | ᠪᠣᠯᠭᠠᠨ ᠬᠤᠪᠢᠷᠠᠭᠤᠯᠵᠤ᠂ ᠪᠥᠬᠦ ᠪᠠᠯᠭᠠᠰᠤᠨ ᠤ ᠰᠣᠶᠣᠯ ᠤᠨ ᠬᠥᠭᠵᠢᠯᠲᠡ ᠳᠤ ᠥᠩᠭᠡ ᠢᠯᠭᠠᠷᠠᠭᠰᠠᠨ ᠴᠡᠴᠡᠭᠯᠡᠨ | ᠬᠥᠭᠵᠢᠭᠰᠡᠨ ᠬᠠᠭᠤᠳᠠᠰᠤ ᠶᠢ ᠵᠢᠷᠤᠭᠯᠠᠪᠠ᠃ | | ︽ᠲᠠᠯ᠎ᠠ ᠨᠤᠲᠤᠭ ᠤᠨ ᠨᠣᠮ ᠤᠨ ᠥᠷᠥᠭᠡ + ᠨᠠᠮ ᠤᠨ ᠲᠡᠦᠬᠡ ᠰᠤᠳᠤᠯᠤᠨ ᠰᠤᠷᠤᠯᠴᠠᠬᠤ ᠬᠤᠷᠢᠶ᠎ᠠ︾᠄ | ᠬᠤᠪᠢᠰᠬᠠᠯᠰᠤ ᠢᠳᠡᠭᠡᠯ ᠤᠨ ᠲᠤᠬᠢᠶᠠᠨ ᠤ ᠭᠠᠯ ᠢ ᠠᠰᠬᠠᠨ᠎ᠠ | ᠨᠠᠮ ᠤᠨ ᠲᠡᠦᠬᠡ ᠨᠢ ᠨᠠᠮ ᠪᠠ ᠠᠷᠠᠳ ᠲᠦᠮᠡᠨ ᠤ ᠲᠡᠮᠡᠴᠡᠯ ᠤᠨ ᠥᠩᠭᠡᠷᠡᠯᠲᠡ ᠶᠢ ᠠᠴᠢᠶᠠᠯᠠᠵᠤ᠂ ᠡᠯᠪᠡᠭ | ᠪᠠᠶᠠᠯᠢᠭ ᠤᠶᠤᠨ ᠤᠬᠠᠭᠠᠨ ᠪᠠ ᠬᠦᠴᠦᠨ ᠴᠢᠳᠠᠯ ᠢ ᠠᠭᠤᠯᠵᠤ᠂ ᠲᠡᠮᠡᠴᠡᠯ ᠤᠨ ᠭᠡᠷᠡᠯ ᠰᠠᠴᠤᠷᠠᠩᠭᠤᠢ ᠠᠮᠵᠢᠯᠲᠠ ᠶᠢ | ᠰᠡᠶᠢᠯᠵᠦ ᠪᠠᠶᠢᠬᠤ ᠪᠠᠷ ᠪᠠᠷᠠᠬᠤ ᠦᠭᠡᠢ᠂ ᠨᠡᠩ ᠴᠤ ᠤᠷᠤᠭᠰᠢᠯᠠᠯᠲᠠ ᠶᠢᠨ ᠴᠢᠭᠯᠡᠯ ᠢ ᠵᠢᠭᠠᠵᠤ ᠪᠠᠶᠢᠳᠠᠭ᠃ ᠵᠡᠭᠦᠨ | ᠳᠥᠷᠥᠯᠵᠢ ᠪᠠᠯᠭᠠᠰᠤ ᠦᠪᠡᠷᠮᠢᠴᠡ ᠵᠠᠮ ᠨᠡᠭᠡᠭᠡᠵᠦ᠂ ︽ᠲᠠᠯ᠎ᠠ ᠨᠤᠲᠤᠭ ᠤᠨ ᠨᠣᠮ ᠤᠨ ᠦᠷᠦᠭᠡ + ᠨᠠᠮ ᠤᠨ | ᠲᠡᠦᠬᠡ ᠰᠤᠳᠤᠯᠤᠨ ᠰᠤᠷᠤᠯᠴᠠᠬᠤ ᠬᠤᠷᠢᠶ᠎ᠠ︾ ᠶᠢᠨ ᠵᠠᠭᠪᠤᠷ ᠢᠶᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ | ᠢ ᠲᠣᠰᠬᠤᠨ ᠤ ᠠᠷᠠᠳ ᠤᠨ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠪᠠ᠃ ᠪᠠᠯᠭᠠᠰᠤᠨ ᠤ ᠨᠠᠮ ᠤᠨ | ᠬᠤᠷᠢᠶ᠎ᠠ ᠪᠠᠷ ᠵᠢᠯᠣᠭᠤᠳᠤᠭᠤᠯᠵᠤ᠂ ᠡᠯ᠎ᠡ ᠲᠣᠰᠬᠤᠨ ᠤ ᠨᠠᠮ ᠤᠨ ᠡᠭᠦᠷ ᠢᠶᠠᠷ ᠬᠦᠴᠦᠯᠡᠬᠦ ᠴᠡᠭ ᠪᠣᠯᠭᠠᠵᠤ᠂ ︽ᠨᠠᠮ | ᠤᠨ ᠬᠤᠷᠢᠶ᠎ᠠ ᠨᠢᠭᠡᠳᠦᠯᠲᠡᠶ ᠲᠥᠯᠥᠪᠯᠡᠬᠦ᠂ ᠨᠠᠮ ᠤᠨ ᠡᠭᠦᠷ ᠤᠨ ᠱᠦᠵᠢ ᠳᠠᠭᠠᠭᠤᠯᠬᠤ᠂ ᠨᠠᠮ ᠤᠨ ᠭᠡᠰᠢᠭᠦᠨ | ᠲᠦᠷᠦᠭᠦᠯᠡᠨ ᠬᠢᠬᠦ᠂ ᠣᠯᠠᠨ ᠲᠦᠮᠡᠨ ᠣᠷᠣᠯᠴᠠᠬᠤ︾ ᠳᠥᠷᠪᠡᠨ ᠱᠠᠲᠤᠨ ᠤ ᠬᠤᠯᠪᠣᠭᠠᠯᠠᠨ ᠰᠤᠷᠤᠯᠴᠠᠬᠤ ᠪᠠᠶᠢᠷᠢᠰᠢᠯ | ᠢ ᠪᠠᠶᠢᠭᠤᠯᠵᠤ᠂ ᠪᠥᠬᠦ ᠪᠠᠯᠭᠠᠰᠤᠨ ᠳᠤ ᠭᠦᠨ ᠵᠤᠵᠠᠭᠠᠨ ᠨᠠᠮ ᠤᠨ ᠲᠡᠦᠬᠡ ᠰᠤᠷᠤᠯᠴᠠᠬᠤ ᠠᠭᠤᠷ ᠠᠮᠢᠰᠬᠤᠯ ᠢ ᠪᠣᠶ | ᠪᠣᠯᠭᠠᠨ᠎ᠠ᠃ | | ︽ᠲᠠᠯ᠎ᠠ ᠨᠤᠲᠤᠭ ᠤᠨ ᠨᠣᠮ ᠤᠨ ᠥᠷᠥᠭᠡ + ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ︾᠄ | ᠬᠥᠷᠰᠢ ᠵᠡᠷᠭᠡᠯᠡᠳᠡᠭᠡ ᠶᠢᠨ ᠬᠠᠶᠢᠷ᠎ᠠ ᠬᠠᠯᠠᠮᠵᠢ ᠶᠢᠨ ᠬᠥᠭᠦᠷᠭᠡ ᠶᠢ ᠪᠠᠶᠢᠭᠤᠯᠤᠨ᠎ᠠ | ᠰᠠᠶᠢᠨ ᠳᠤᠷ᠎ᠠ ᠶᠢᠨ ᠦᠢᠯᠡᠴᠢᠯᠡᠭᠡ ᠨᠢ ᠨᠡᠶᠢᠭᠡᠮ ᠤᠨ ᠬᠠᠶᠢᠷ᠎ᠠ ᠬᠠᠯᠠᠮᠵᠢ ᠶᠢ ᠳᠠᠮᠵᠢᠭᠤᠯᠬᠤ ᠴᠢᠬᠤᠯᠠ ᠬᠥᠭᠦᠷᠭᠡ | ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠳᠤ ᠣᠷᠣᠯᠠᠭᠤᠯᠵᠤ ᠪᠣᠯᠤᠰᠢ | ᠦᠭᠡᠶ ᠦᠢᠯᠡᠳᠦᠯ ᠦᠵᠡᠭᠦᠯᠵᠦ ᠪᠠᠶᠢᠨ᠎ᠠ᠃ ᠵᠡᠭᠦᠨ ᠲᠦᠷᠦᠯᠵᠢ ᠪᠠᠯᠭᠠᠰᠤ ᠰᠠᠶᠢᠨ ᠳᠤᠷ᠎ᠠ ᠶᠢᠨ ᠦᠶᠯᠡᠴᠢᠯᠡᠭᠡ | ᠪᠣᠯᠤᠨ ᠲᠠᠯ᠎ᠠ ᠨᠤᠲᠤᠭ ᠤᠨ ᠨᠣᠮ ᠤᠨ ᠥᠷᠥᠭᠡ ᠶᠢ ᠣᠷᠭᠠᠨᠢᠭ ᠢᠶᠠᠷ ᠠᠭᠤᠰᠤᠯᠴᠠᠭᠤᠯᠵᠤ᠂ ᠲᠣᠰᠬᠤᠨ ᠤ ᠠᠷᠠᠳ | ᠤᠨ ᠣᠯᠠᠨ ᠡᠰᠢᠵᠢᠭᠰᠡᠨ ᠰᠣᠶᠣᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠢ | ᠣᠯᠠᠨ ᠣᠨᠴᠠᠯᠢᠭᠲᠤ ᠦᠶᠯᠡᠴᠢᠯᠡᠭᠡᠨ ᠤ ᠲᠥᠷᠥᠯ ᠵᠦᠶᠯ ᠢ ᠨᠠᠷᠢᠨ ᠨᠢᠮᠪᠠᠶ ᠪᠣᠶ ᠪᠣᠯᠭᠠᠪᠠ᠃ ᠰᠣᠶᠣᠯ ᠢ ᠬᠥᠳᠡᠭᠡ | ᠪᠠᠭᠤᠯᠭᠠᠬᠤ ᠤᠷᠠᠨ ᠰᠠᠶᠢᠬᠠᠨ ᠤ ᠲᠣᠭᠯᠠᠯᠲᠠ ᠨᠢ ᠤᠳᠬ᠎ᠠ ᠤᠷᠠᠯᠢᠭ ᠤᠨ ᠦᠪᠡᠳᠡᠭᠰᠢ ᠳᠠᠶᠢᠯᠠᠯᠭ᠎ᠠ ᠪᠣᠯᠬᠤ ᠪᠠᠷ | ᠪᠠᠷᠠᠬᠤ ᠦᠭᠡᠢ᠂ ᠨᠡᠩ ᠴᠤ ᠲᠣᠰᠬᠤᠨ ᠤ ᠠᠷᠠᠳ ᠤᠨ ᠠᠪᠢᠶᠠᠰ ᠴᠢᠳᠠᠪᠤᠷᠢ ᠪᠠᠨ ᠢᠯᠡᠷᠡᠭᠦᠯᠬᠦ ᠲᠠᠪᠴᠠᠩ ᠪᠣᠯᠤᠨ᠎ᠠ᠃ | ᠡᠴᠢᠭᠡ ᠡᠬᠡ ᠦᠷ᠎ᠡ ᠬᠡᠦᠬᠡᠳ ᠤᠨ ᠤᠩᠰᠢᠯᠭ᠎ᠠ ᠶᠢᠨ ᠲᠣᠭᠯᠠᠯᠲᠠ ᠶᠢᠨ ᠠᠵᠢᠯᠯᠠᠭ᠎ᠠ ᠨᠢ ᠬᠠᠶᠢᠷ᠎ᠠ ᠬᠠᠯᠠᠮᠵᠢ ᠲᠠᠢ | ᠪᠥᠭᠡᠳ ᠰᠣᠨᠢᠷᠬᠠᠯᠲᠠᠶ ᠪᠠᠶᠢᠵᠤ᠂ ᠬᠡᠷ ᠤᠨ ᠠᠬᠠᠮᠠᠳ ᠪᠣᠯᠤᠨ ᠬᠡᠦᠬᠡᠳ ᠬᠠᠮᠲᠤ ᠪᠠᠷ ᠤᠩᠰᠢᠵᠤ ᠳᠠᠭᠤᠯᠠᠨ᠂ ᠪᠠᠶᠠᠷ | ᠪᠠᠶᠠᠰᠬᠤᠯᠠᠩᠲᠤ ᠳᠤᠮᠳᠠ ᠡᠴᠢᠭᠡ ᠡᠬᠡ ᠦᠷ᠎ᠡ ᠬᠡᠦᠬᠡᠳ ᠤᠨ ᠬᠤᠭᠤᠷᠣᠨᠳᠣᠬᠢ ᠬᠠᠷᠢᠴᠠᠭ᠎ᠠ ᠶᠢ ᠨᠡᠮᠡᠭᠳᠡᠭᠦᠯᠦᠭᠰᠡᠨ | ᠮᠥᠷᠲᠡᠭᠡᠨ ᠪᠠᠰᠠ ᠬᠡᠷ ᠪᠦᠯᠢ ᠶᠢᠨ ᠤᠩᠰᠢᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | | ︽ᠲᠠᠯ᠎ᠠ ᠨᠤᠲᠤᠭ ᠤᠨ ᠨᠣᠮ ᠤᠨ ᠥᠷᠥᠭᠡ + ᠰᠣᠶᠣᠯ ᠤᠨ ᠬᠠᠩᠭᠠᠯᠭ᠎ᠠ ᠶᠢᠨ ᠥᠷᠲᠡᠭᠡ︾᠄ ᠪᠠᠶᠠᠵᠢᠯ ᠤᠨ | ᠣᠶᠤᠨ ᠤᠬᠠᠭᠠᠨ ᠤ ᠡᠭᠦᠳᠡ ᠶᠢ ᠨᠡᠭᠡᠭᠡᠪᠡ | ᠮᠡᠳᠡᠯᠭᠡ ᠪᠣᠯ ᠶᠠᠷᠢᠶᠠᠨ ᠦᠭᠡᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠠᠯᠳᠠᠨ | ᠲᠦᠯᠬᠢᠭᠦᠷ︾ ᠮᠥᠨ᠃ ᠵᠡᠭᠦᠨ ᠳᠥᠷᠥᠯᠵᠢ ᠪᠠᠯᠭᠠᠰᠤ ᠶᠢᠨ ᠲᠠᠯ᠎ᠠ ᠨᠤᠲᠤᠭ ᠤᠨ ᠨᠣᠮ ᠤᠨ ᠦᠷᠦᠭᠡ ᠨᠢ ᠨᠢᠭᠡᠨ | ᠮᠡᠳᠡᠯᠭᠡ ᠶᠢᠨ ᠡᠷᠳᠡᠨᠢᠰ ᠤᠨ ᠰᠠᠩ ᠰᠢᠭ ᠪᠠᠶᠢᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ᠂ ᠡᠯᠧᠺᠲᠷᠤᠨ | ᠬᠤᠳᠠᠯᠳᠤᠭᠠᠨ ᠤ ᠡᠵᠡᠩᠨᠡᠯᠲᠡ᠂ ᠭᠠᠷ ᠤᠷᠠᠯᠠᠯ ᠦᠢᠯᠡᠳᠬᠦ ᠵᠡᠷᠭᠡ ᠤᠯᠠᠨ ᠬᠦᠷᠢᠶᠡᠨ ᠤ ᠨᠣᠮ ᠪᠢᠴᠢᠭ ᠢ ᠬᠠᠮᠤᠷᠴᠤ᠂ | ᠲᠣᠰᠬᠤᠨ ᠤ ᠠᠷᠠᠳ ᠲᠤ ᠶᠡᠭᠡ ᠬᠡᠮᠵᠢᠶᠡᠨ ᠤ ᠬᠡᠷᠡᠭᠯᠡᠭᠡᠨ ᠤ ᠮᠡᠳᠡᠭᠡ ᠵᠠᠩᠭᠢ ᠬᠠᠩᠭᠠᠵᠠᠢ᠃ ᠲᠣᠰᠬᠤᠨ ᠤ ᠠᠷᠠᠳ | ᠲᠤ ᠮᠡᠳᠡᠯᠭᠡ ᠣᠯᠭᠤᠬᠤ ᠳᠤ ᠨᠡᠩ ᠳᠥᠭᠦᠮ ᠦᠵᠡᠭᠦᠯᠬᠦ ᠶᠢᠨ ᠲᠤᠰᠠᠳᠠ᠂ ᠨᠣᠮ ᠤᠨ ᠥᠷᠥᠭᠡ ᠨᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠠᠵᠢᠯ ᠤᠨ ᠳᠠᠭᠠᠭᠤᠯᠤᠭᠴᠢ ᠶᠢ ᠤᠷᠢᠵᠤ᠂ ᠣᠨᠣᠯ ᠤᠨ ᠮᠡᠳᠡᠯᠭᠡ + ᠪᠤᠳᠠᠳᠤ | ᠦᠢᠯᠡᠳᠦᠯᠭᠡ ᠶᠢ ᠬᠠᠷᠢᠯᠴᠠᠨ ᠤᠶᠠᠯᠳᠤᠭᠤᠯᠤᠭᠰᠠᠨ ᠪᠤᠯᠪᠠᠰᠤᠷᠠᠯ ᠤᠨ ᠠᠵᠢᠯᠯᠠᠭ᠎ᠠ ᠦᠷᠨᠢᠭᠦᠯᠦᠨ᠎ᠡ᠃ ᠲᠣᠰᠬᠤᠨ ᠤ | ᠠᠷᠠᠳ ᠲᠤ ᠲᠤᠬᠠᠶ ᠶᠢᠨ ᠲᠠᠯᠠᠪᠠᠢ ᠶᠢᠨ ᠵᠢᠯᠣᠭᠤᠳᠤᠯᠭ᠎ᠠ ᠬᠢᠨ᠎ᠡ᠃ ᠲᠣᠰᠬᠤᠨ ᠤ ᠠᠷᠠᠳ ᠰᠤᠷᠤᠭᠰᠠᠨ ᠢᠶᠠᠨ | ᠬᠡᠷᠡᠭᠯᠡᠵᠦ᠂ ᠨᠣᠮ ᠤᠨ ᠥᠷᠥᠭᠡᠨ ᠳᠡᠭᠡᠨ ᠰᠤᠷᠤᠭᠰᠠᠨ ᠮᠡᠳᠡᠯᠭᠡ ᠪᠠᠷ ᠢᠶᠠᠨ ᠤᠨᠴᠠᠯᠢᠬᠳᠤ ᠲᠠᠷᠢᠮᠠᠯ ᠲᠡᠵᠢᠭᠡᠪᠦᠷᠢ ᠶᠢᠨ | ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠠᠶᠠᠵᠢᠯ ᠤᠨ ᠰᠢᠨ᠎ᠡ ᠵᠠᠮ ᠢ ᠨᠡᠭᠡᠭᠡᠵᠦ᠂ ᠲᠠᠯ᠎ᠠ ᠨᠤᠲᠤᠭ ᠤᠨ ᠨᠣᠮ ᠤᠨ | ᠦᠷᠦᠭᠡ ᠶᠢ ᠦᠨᠡᠨ ᠬᠦ ᠵᠡᠭᠦᠨ ᠳᠥᠷᠥᠯᠵᠢ ᠪᠠᠯᠭᠠᠰᠤ ᠶᠢᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ︽ᠲᠦᠷᠭᠡᠳᠬᠡᠭᠦᠷ︾ ᠪᠣᠯᠭᠠᠪᠠ᠃ | ᠢᠷᠡᠭᠡᠳᠦᠢ ᠶᠢ ᠪᠠᠷᠠᠯᠠᠬᠤᠶ᠎ᠠ᠂ ᠵᠡᠭᠦᠨ ᠲᠦᠷᠦᠯᠵᠢ ᠪᠠᠯᠭᠠᠰᠤ ᠤᠯᠠᠨ ᠲᠠᠯ᠎ᠠ ᠠᠴᠠ ᠦᠷᠭᠦᠯᠵᠢᠯᠡᠨ ᠬᠦᠴᠦᠯᠡᠵᠦ᠂ | ︽ᠲᠠᠯ᠎ᠠ ᠨᠤᠲᠤᠭ ᠤᠨ ᠨᠣᠮ ᠤᠨ ᠦᠷᠦᠭᠡ +︾ ᠵᠠᠭᠪᠤᠷ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠲᠠᠯ᠎ᠠ | ᠨᠤᠲᠤᠭ ᠤᠨ ᠨᠣᠮ ᠤᠨ ᠥᠷᠥᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠴᠦᠲᠦ | ᠬᠥᠳᠡᠯᠭᠡᠭᠦᠷ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠲᠠ ᠥᠬᠡᠶ ᠰᠣᠶᠣᠯ | ᠤᠨ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠴᠣ ᠰᠢᠨ᠎ᠡ ᠬᠠᠭᠤᠳᠠᠰᠤ | ᠶᠢ ᠪᠢᠴᠢᠭᠯᠡᠨ᠎ᠡ᠃ |