4 ᠰᠠᠷ᠎ᠠ ᠶᠢᠨ 22 ᠤᠨ ᠡᠳᠦᠷ᠂ ᠬᠢᠩᠭᠠᠨ ᠠᠶᠢᠮᠠᠭ ᠤᠨ ᠨᠠᠮ ᠵᠠᠰᠠᠭ ᠤᠨ ᠤᠳᠤᠷᠢᠳᠬᠤ ᠨᠥᠬᠦᠳ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠋ᠨᠵᠠᠮ ᠰᠤᠮᠤ ᠶᠢᠨ ᠬᠤᠯᠪᠤᠭ᠎ᠠ ᠭᠠᠴᠠᠭ᠎ᠠ ᠳᠤ ᠬᠦᠷᠴᠦ᠂ | ᠪᠠᠶᠢᠭᠤᠯᠭ᠎ᠠ ᠶᠢᠨ ᠺᠠᠳ᠋ᠷᠴᠤᠳ ᠲᠠᠢ ᠬᠠᠮᠲᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠦᠷᠦᠭᠦᠯᠡᠨ ᠳᠤᠭᠤᠰᠢᠯᠠᠭᠤᠯᠵᠦ᠂ | ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ | ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠰᠠᠶᠢᠲᠤᠷ | ᠤᠯᠬᠤ ᠳᠤ ᠬᠦᠴᠦ ᠨᠡᠮᠡᠷᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠦᠬᠡ᠂ ᠰᠢᠤᠢ ᠵᠦᠸᠧ᠂ ᠶᠠᠩ ᠵᠢᠢ ᠫᠧᠩ ᠵᠡᠷᠭᠡ ᠠᠶᠢᠮᠠᠭ ᠤᠨ | ᠤᠳᠤᠷᠢᠳᠤᠯᠭ᠎ᠠ ᠺᠠᠳ᠋ᠷ ᠤᠯᠠᠨ ᠲᠦᠮᠡᠨ ᠲᠠᠢ ᠬᠠᠮᠲᠤᠪᠠᠷ ᠮᠤᠳᠤᠨ ᠴᠢᠬᠢ ᠰᠠᠭᠤᠯᠭᠠᠵᠠᠢ᠃ ᠰᠦᠬᠡ ᠬᠡᠯᠡᠭᠰᠡᠨ ᠨᠢ᠂ | ᠣᠳᠣᠬᠠᠨ ᠤ ᠬᠠᠪᠤᠷ ᠤᠨ ᠤᠯᠠᠷᠢᠯ ᠤᠨ ᠮᠣᠳᠣ ᠳᠠᠷᠢᠵᠤ ᠣᠶᠢᠵᠢᠭᠤᠯᠬᠤ ᠰᠢᠵᠢᠷ ᠠᠯᠲᠠᠨ ᠤᠯᠠᠷᠢᠯ ᠢ ᠠᠳᠬᠤᠵᠤ᠂ | ᠪᠠᠶᠢᠭᠤᠯᠭ᠎ᠠ ᠶᠢᠨ ᠺᠠᠳ᠋ᠷ ᠵᠡᠷᠭᠡ ᠶᠢ ᠥᠷᠭᠡᠨ ᠢᠶᠠᠷ ᠲᠠᠶᠢᠴᠢᠯᠠᠨ ᠮᠣᠳᠣ ᠲᠠᠷᠢᠵᠤ ᠣᠶᠢᠵᠢᠭᠤᠯᠤᠨ ᠨᠣᠭᠤᠭᠠᠷᠠᠭᠤᠯᠬᠤ | ᠠᠵᠢᠯᠯᠠᠭ᠎ᠠ ᠶᠢ ᠥᠷᠨᠢᠭᠦᠯᠵᠦ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠬᠢᠯᠭᠠᠨ ᠬᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠭᠦᠨᠵᠡᠭᠡᠢ ᠠᠬᠢᠭᠤᠯᠵᠤ᠂ ᠬᠤᠷᠴᠢᠨ ᠤ | ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠪᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠰᠠᠶᠢᠲᠤᠷ ᠪᠠᠳᠤᠯᠠᠵᠤ᠂ ᠨᠣᠭᠤᠭᠠᠷᠠᠭᠤᠯᠤᠯᠳᠠ ᠶᠢ | ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠶᠢ | ᠡᠷᠬᠢᠮᠯᠡᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠦ᠂ ᠪᠣᠬᠢᠷᠲᠤᠯ ᠦᠭᠡᠢ ᠠᠮᠢ ᠠᠬᠤᠢ ᠶᠢᠨ ᠳᠠᠪᠠᠭᠤᠯᠢᠭ ᠢ | ᠲᠠᠰᠤᠷᠠᠯᠳᠡ ᠦᠭᠡᠢ ᠪᠠᠲᠤᠳᠬᠠᠬᠤ ᠪᠠᠷ ᠴᠢᠷᠮᠠᠶᠢᠬᠤ ᠬᠡᠷᠡᠭᠳᠡᠢ ᠬᠡᠪᠡ᠃ | ᠣᠶᠢᠯᠠᠭᠠᠭᠰᠠᠨ ᠢᠶᠠᠷ᠂ 2024 ᠣᠨ ᠳᠤ ᠬᠢᠩᠭᠠᠨ ᠠᠶᠢᠮᠠᠭ ᠬᠤᠷᠴᠢᠨ ᠤ ᠡᠯᠡᠰᠦᠷᠬᠡᠭ ᠭᠠᠵᠠᠷ ᠢ ᠰᠦᠨᠦᠭᠡᠬᠦ | ᠲᠠᠶᠢᠯᠠᠯᠳᠤᠭᠠᠨ ᠤ ᠢᠯᠠᠯᠲᠠ ᠶᠢ ᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠨᠧᠷᠭᠢ ᠪᠠᠷ ᠡᠯᠡᠰᠦ ᠶᠢ | ᠵᠠᠰᠠᠬᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ᠂ ᠤᠯᠠᠨ ᠲᠦᠮᠡᠨ ᠢᠶᠠᠷ ᠡᠯᠡᠰᠦ ᠶᠢ ᠵᠠᠰᠠᠬᠤ᠂ | ᠨᠡᠶᠢᠭᠡᠮ ᠢᠶᠠᠷ ᠡᠯᠡᠰᠦ ᠶᠢ ᠵᠠᠰᠠᠬᠤ᠂ ᠦᠷ᠎ᠡ ᠠᠰᠢᠭ ᠢᠶᠠᠷ ᠡᠯᠡᠰᠦ ᠶᠢ ᠵᠠᠰᠠᠬᠤ ᠶᠢ ᠬᠠᠮᠵᠢᠯᠴᠠᠨ ᠠᠬᠢᠭᠤᠯᠵᠤ᠂ ᠨᠡᠶᠢᠲᠡ | 47.2 ᠲᠦᠮᠡᠨ ᠮᠦ ᠡᠯᠡᠰᠦᠷᠬᠡᠭ ᠭᠠᠵᠠᠷ ᠢ ᠵᠠᠰᠠᠵᠤ᠂ ᠪᠦᠬᠦ ᠣᠷᠣᠨ ᠳᠤ ᠡᠩ ᠲᠡᠷᠢᠭᠦᠨ ᠳᠤ ᠡᠯᠡᠰᠦ ᠶᠢ ᠵᠠᠰᠠᠬᠤ | ᠡᠭᠦᠷᠭᠡ ᠶᠢ ᠪᠡᠶᠡᠯᠡᠭᠦᠯᠵᠦ᠂ ᠡᠯᠡᠰᠦᠷᠭᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠶᠢ 2020 ᠣᠨ ᠳᠤ 503 ᠲᠦᠮᠡᠨ | ᠮᠦ ᠪᠠᠶᠢᠭᠰᠠᠨ ᠠᠴᠠ 357.7 ᠲᠦᠮᠡᠨ ᠮᠦ ᠪᠣᠯᠭᠠᠨ ᠪᠠᠭᠠᠰᠬᠠᠵᠤ᠂ ᠭᠤᠷᠪᠠᠨ ᠤ ᠨᠢᠭᠡ ᠬᠤᠪᠢ ᠶᠢᠨ ᠡᠯᠡᠰᠦᠷᠬᠡᠭ | ᠭᠠᠵᠠᠷ ᠢ ᠪᠦᠲᠦᠮᠵᠢᠲᠡᠢ ᠵᠠᠰᠠᠪᠠ᠃ ᠬᠢᠩᠭᠠᠨ ᠠᠶᠢᠮᠠᠭ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ | ᠬᠡᠷᠡᠭᠵᠢᠭᠦᠯᠬᠦ ᠶᠢ ︽ᠤᠰᠤ ᠠᠷᠪᠢᠯᠠᠬᠤ ᠠᠵᠢᠯᠯᠠᠭ᠎ᠠ︾᠂ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ | ᠥᠷᠨᠢᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠪᠠ | ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠠᠳᠠᠷ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠵᠤ ᠰᠡᠷᠭᠦᠭᠡᠬᠦ᠂ | ᠬᠢᠨᠭ᠍ᠭᠠᠨ ᠳᠠᠪᠠᠭᠠᠨ ᠤ ᠡᠮᠦᠨᠡᠬᠢ ᠣᠶ ᠰᠢᠭᠤᠶ ᠡᠪᠡᠰᠦ ᠪᠡᠯᠴᠢᠭᠡᠷ ᠤᠨ ᠰᠢᠯᠵᠢᠯᠲᠡ ᠶᠢᠨ ᠪᠦᠰᠡ ᠶᠢ ᠶᠡᠷᠦᠩᠬᠡᠶᠢᠯᠡᠨ | ᠵᠠᠰᠠᠬᠤ ᠵᠡᠷᠭᠡ 4 ᠭᠤᠤᠯᠳᠠᠯᠭ᠎ᠠ ᠲᠠᠢ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠲᠥᠷᠥᠯ ᠵᠦᠢᠯ ᠢ ᠪᠥᠬᠦ | ᠬᠦᠴᠦᠨ ᠢᠶᠠᠷ ᠢᠶᠠᠨ ᠬᠡᠷᠡᠭᠵᠢᠭᠦᠯᠵᠦ᠂ 76.7 ᠲᠦᠮᠡᠨ ᠮᠥ ᠡᠯᠡᠰᠦᠷᠬᠡᠭ ᠭᠠᠵᠠᠷ ᠢ ᠵᠠᠰᠠᠬᠤ ᠪᠠᠷ ᠲᠥᠯᠥᠪᠯᠡᠵᠠᠢ᠃ | ᠣᠲᠣ ᠪᠣᠯᠲᠠᠯ᠎ᠠ᠂ ᠨᠡᠶᠢᠲᠡ 2.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ 10 ᠵᠤᠷᠪᠤᠰ ︽ᠵᠠᠮ ᠢᠶᠠᠷ ᠡᠯᠡᠰᠦ ᠶᠢ ᠵᠠᠰᠠᠬᠤ︾ ᠲᠥᠷᠥᠯ ᠵᠦᠢᠯ ᠢ ᠤᠯᠤᠰ ᠤᠨ | ᠲᠠᠰ ᠳᠡᠪᠰᠢᠭᠦᠯᠬᠦ ᠨᠤᠲᠠᠯᠠᠯᠲᠠ ᠪᠠᠷ ᠳᠡᠮᠵᠢᠨ ᠳᠡᠩᠰᠡᠯᠡᠵᠦ᠂ ᠪᠥᠬᠦ ᠠᠶᠢᠮᠠᠭ ᠨᠢᠭᠡᠨᠲᠡ 1475 ᠲᠦᠮᠡᠨ ᠰᠠᠭᠤᠷᠢ | ᠡᠯᠡᠰᠦ ᠵᠠᠰᠠᠬᠤ ᠴᠢᠬᠢ ᠮᠣᠳᠣ᠂ 56 ᠲᠦᠮᠡᠨ ᠺᠢᠯᠣᠭ᠍ᠷᠠᠮ ᠡᠪᠡᠰᠦᠨ ᠤ ᠲᠥᠷᠥᠯ ᠢ ᠨᠥᠭᠡᠴᠡᠯᠡᠵᠦ᠂ ᠡᠯᠡᠰᠦᠷᠭᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠲᠠᠯᠠᠪᠠᠶ ᠶᠢ 11 ᠲᠦᠮᠡᠨ ᠮᠥ ᠪᠡᠶᠡᠯᠡᠭᠦᠯᠵᠦ᠂ ᠪᠥᠬᠦ ᠵᠢᠯ ᠤᠨ ᠡᠭᠦᠷᠭᠡ ᠶᠢᠨ 14. | 3% ᠶᠢ ᠡᠵᠡᠯᠡᠪᠡ᠃ |