ᠬᠢᠩᠭᠠᠨ ᠠᠶᠢᠮᠠᠭ ᠤᠨ ᠬᠤᠶᠠᠷ ᠱᠠᠳᠤᠨ ᠤ ᠪᠠᠶᠢᠴᠠᠭᠠᠬᠤ ᠪᠠᠶᠢᠭᠤᠯᠭ᠎ᠠ ᠴᠢᠳᠠᠪᠤᠷᠢᠲᠠᠨ ᠤ ᠡᠩᠨᠡᠭᠡ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠦ ᠪᠤᠢ
ᠨᠡᠶᠢᠲᠡᠯᠡᠭᠰᠡᠨ ᠴᠠᠭ᠄
2025/4/30
   ᠣᠶᠢᠷ᠎ᠠ ᠶᠢᠨ ᠡᠳᠦᠷ ᠤᠳ ᠲᠤ᠂ ᠬᠢᠩᠭᠠᠨ ᠠᠶᠢᠮᠠᠭ ᠤᠨ ᠬᠤᠶᠠᠷ ᠱᠠᠳᠤᠨ ᠤ ᠪᠠᠶᠢᠴᠠᠭᠠᠬᠤ ᠪᠠᠶᠢᠭᠤᠯᠭ᠎ᠠ ᠰᠣᠶᠣᠯ ᠢᠶᠠᠷ ᠴᠢᠳᠠᠪᠤᠷᠢᠳᠡᠨ ᠢ ᠳᠠᠳᠠᠬᠤ᠂ ᠪᠤᠯᠪᠠᠰᠤᠷᠠᠯ ᠢᠶᠠᠷ ᠴᠢᠳᠠᠪᠤᠷᠢᠲᠠᠨ ᠢ ᠬᠥᠮᠦᠵᠢᠭᠦᠯᠬᠦ᠂ ᠣᠯᠠᠨ ᠲᠠᠯ᠎ᠠ ᠠᠴᠠ ᠴᠢᠳᠠᠪᠤᠷᠢᠲᠠᠨ ᠢ ᠴᠤᠭᠯᠠᠭᠤᠯᠤᠨ ᠴᠢᠳᠠᠪᠤᠷᠢᠲᠠᠨ ᠢ ᠬᠥᠮᠦᠵᠢᠭᠦᠯᠬᠦ ᠶᠢ ᠪᠠᠷᠢᠮᠲᠠᠯᠠᠵᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠠᠤᠯᠢᠵᠢᠯ ᠤᠨ ᠬᠥᠳᠡᠯᠭᠡᠬᠦ ᠬᠦᠴᠦᠨ ᠨᠡᠮᠡᠷᠢᠯᠡᠪᠡ᠃    ᠪᠦᠬᠦ ᠠᠶᠢᠮᠠᠬ ᠤᠨ ᠬᠤᠶᠠᠷ ᠱᠠᠳᠤᠨ ᠤ ᠪᠠᠶᠢᠴᠠᠭᠠᠬᠤ ᠪᠠᠶᠢᠭᠤᠯᠭ᠎ᠠ ᠬᠦᠰᠡᠯᠡᠩ ᠢᠲᠡᠭᠡᠯ ᠪᠢᠰᠢᠷᠡᠯ ᠢ ᠪᠠᠳᠤᠳᠬᠠᠬᠤ᠂ ᠬᠡᠪ ᠴᠢᠨᠠᠷ ᠢ ᠲᠡᠬᠡᠭᠰᠢᠯᠡᠬᠦᠯᠬᠦ᠂ ᠤᠯᠤᠰ ᠲᠦᠷᠦ ᠶᠢᠨ ᠲᠠᠯ᠎ᠠ ᠪᠠᠷ ᠡᠭᠡᠯᠵᠢᠯᠡᠨ ᠪᠣᠯᠪᠠᠰᠤᠷᠠᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠩᠨᠡᠭᠡᠨ ᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠪᠡ᠃ ᠰᠣᠶᠣᠯ ᠤᠨ ᠨᠠᠷᠠᠲᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠴᠦ᠂ ᠪᠠᠶᠢᠴᠠᠭᠠᠬᠤ ᠠᠵᠢᠯᠲᠠᠨ ᠤ ᠰᠠᠶᠢᠨ ᠰᠠᠶᠢᠬᠠᠨ ᠳᠦᠷᠢ ᠲᠥᠷᠬᠦ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠪᠠᠶᠢᠴᠠᠭᠠᠬᠤ ᠬᠦᠴᠦᠨ ᠢ ᠨᠢᠭᠲᠠᠷᠠᠭᠤᠯᠤᠨ᠂ ᠬᠠᠤᠯᠢ ᠪᠠᠷ ᠵᠠᠰᠠᠬᠤ ᠢᠲᠡᠭᠡᠯ ᠪᠢᠰᠢᠷᠡᠯ ᠢ ᠬᠠᠮᠲᠤ ᠪᠠᠷ ᠴᠣᠭᠴᠠᠯᠠᠵᠠᠢ᠃2024 ᠣᠨ ᠳᠤ᠂ ᠪᠥᠬᠦ ᠠᠶᠢᠮᠠᠭ ᠤᠨ ᠬᠤᠶᠠᠷ ᠱᠠᠳᠤᠨ ᠤ ᠪᠠᠶᠢᠴᠠᠭᠠᠬᠤ ᠪᠠᠶᠢᠭᠤᠯᠭ᠎ᠠ 12 ᠰᠣᠶᠣᠯ ᠤᠨ ᠨᠠᠷᠠᠲᠤ ᠲᠥᠷᠥᠯ ᠲᠡᠮᠳᠡᠭ ᠢ ᠡᠬᠦᠳᠦᠭᠰᠡᠨ ᠪᠠᠶᠢᠨ᠎ᠠ᠂ ᠡᠭᠦᠨ ᠳᠤ ︽ᠰᠤᠩᠭᠠᠷᠢ ᠮᠦᠷᠡᠨ ᠢ ᠬᠠᠮᠠᠭᠠᠯᠠᠬᠤ ᠺᠠᠳ᠋ᠷ ᠴᠠᠬᠳᠠᠭ᠎ᠠ︾᠂ ︽ᠬᠢᠩᠭᠠᠨ ᠤ ᠬᠠᠪᠤᠷ︾ ᠵᠡᠷᠭᠡ ᠨᠠᠷᠠᠲᠤ ᠲᠥᠷᠥᠯ ᠲᠡᠮᠳᠡᠭ ᠨᠢ ᠲᠣᠰ ᠲᠣᠰ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠠᠷᠪᠠᠨ ᠰᠢᠯᠢᠳᠡᠭ ᠰᠣᠶᠣᠯ ᠤᠨ ᠨᠠᠷᠠᠲᠤ ᠲᠥᠷᠥᠯ ᠲᠡᠮᠳᠡᠭ ᠪᠠ ᠠᠩᠬᠠᠳᠤᠭᠠᠷ ᠬᠤᠭᠤᠴᠠᠭᠠᠨ ᠤ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠰᠣᠶᠣᠯ ᠤᠨ ᠨᠠᠷᠠᠲᠤ ᠲᠥᠷᠥᠯ ᠲᠡᠮᠳᠡᠭ ᠢ ᠰᠣᠩᠭᠤᠨ ᠱᠤᠭᠤᠵᠦ ᠳᠡᠯᠭᠡᠨ ᠦᠵᠡᠭᠦᠯᠬᠦ ᠠᠵᠢᠯᠯᠠᠭ᠎ᠠ ᠶᠢᠨ ︽ᠬᠠᠮᠤᠭ ᠤᠨ ᠰᠢᠯᠢᠳᠡᠭ ᠰᠣᠶᠣᠯ ᠤᠨ ᠨᠠᠷᠠᠲᠤ ᠲᠥᠷᠥᠯ ᠲᠡᠮᠳᠡᠭ︾ ᠤᠨ ᠴᠤᠯᠠ ᠶᠢ ᠭᠥᠷᠳᠡᠪᠡ᠃    ᠨᠠᠷᠢᠯᠢᠭ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠵᠦ ᠬᠡᠪ ᠴᠢᠳᠠᠪᠤᠷᠢ ᠶᠢ ᠳᠡᠭᠡᠭᠰᠢᠯᠡᠬᠦᠯᠪᠡ᠃ ᠬᠡᠷᠡᠭ ᠵᠠᠷᠭᠤ ᠰᠢᠢᠳᠪᠦᠷᠢᠯᠡᠬᠦ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠪᠠ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠩᠨᠡᠭᠡᠨ ᠤ ᠪᠠᠶᠢᠭᠤᠯᠤᠯᠲᠠ ᠶᠢᠨ ᠳᠤᠮᠳᠠᠬᠢ ᠪᠤᠯᠪᠠᠰᠤᠷᠠᠭᠤᠯᠤᠨ ᠬᠥᠮᠦᠵᠢᠭᠦᠯᠬᠦ ᠬᠠᠷᠠᠯᠲᠠ ᠶᠢ ᠵᠠᠳᠠᠯᠵᠤ᠂ ᠶᠡᠷᠦᠩᠬᠡᠶᠢᠯᠡᠭᠰᠡᠨ ᠬᠠᠨᠳᠤᠯᠭᠠᠲᠤ ᠠᠷᠭ᠎ᠠ ᠪᠣᠳᠣᠯᠭ᠎ᠠ ᠶᠢ ᠬᠡᠷᠡᠭᠵᠢᠭᠦᠯᠪᠡ᠃ ᠬᠢᠩᠭᠠᠨ ᠠᠶᠢᠮᠠᠭ ᠤᠨ ᠬᠤᠶᠠᠷ ᠱᠠᠳᠤᠨ ᠤ ᠪᠠᠶᠢᠴᠠᠭᠠᠬᠤ ᠪᠠᠶᠢᠭᠤᠯᠭ᠎ᠠ ᠶᠢᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠠᠯᠪᠠᠨ ᠲᠤᠰᠢᠶᠠᠯᠲᠠᠨ ᠤ ᠳᠡᠭᠡᠳᠦ ᠰᠤᠷᠭᠠᠭᠤᠯᠢ ᠳᠤ ᠲᠦᠰᠢᠭᠯᠡᠨ ᠨᠠᠶᠢᠳᠠᠨ ᠪᠣᠯᠪᠠᠰᠤᠷᠠᠭᠤᠯᠬᠤ ᠪᠠ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠥᠪᠡᠰᠦᠪᠡᠨ ᠡᠷᠭᠢᠯᠡᠬᠦ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠤᠷᠤᠯᠳᠤᠭᠠᠨ ᠢ ᠥᠷᠨᠢᠭᠦᠯᠪᠡ᠃ ᠡᠭᠦᠨ ᠤ ᠬᠠᠮᠲᠤ᠂ ᠰᠠᠯᠠᠭ᠎ᠠ ᠲᠠᠰᠤᠭ᠂ ᠬᠡᠷᠡᠭ ᠵᠠᠷᠭᠤ ᠰᠢᠢᠳᠪᠦᠷᠢᠯᠡᠬᠦ ᠳᠤᠭᠤᠶᠢᠯᠠᠩ ᠢᠶᠠᠷ ᠨᠢᠭᠡᠴᠢ ᠪᠣᠯᠭᠠᠨ᠂ ᠠᠵᠢᠯ ᠤᠨ ᠪᠠᠶᠢᠷᠢ ᠶᠢᠨ ᠪᠣᠯᠪᠠᠰᠤᠷᠠᠯ ᠢ ᠥᠷᠨᠢᠭᠦᠯᠵᠦ᠂ ︽ᠢᠵᠢᠯ ᠲᠠᠩᠬᠢᠮ ᠳᠤ ᠪᠣᠯᠪᠠᠰᠤᠷᠠᠭᠤᠯᠬᠤ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠣᠶᠢᠯᠠᠭᠠᠭᠳᠠᠬᠤᠨ ᠪᠠ ᠪᠠᠷᠢᠮᠵᠢᠶ᠎ᠠ ᠶᠢ ᠨᠢᠭᠡᠳᠭᠡᠨ᠂ ᠪᠥᠬᠦ ᠠᠶᠢᠮᠠᠭ ᠤᠨ ᠬᠤᠶᠠᠷ ᠱᠠᠳᠤᠨ ᠤ ᠪᠠᠶᠢᠴᠠᠭᠠᠬᠤ ᠠᠵᠢᠯᠲᠠᠨ ᠤ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠣᠶᠢᠷ᠎ᠠ ᠶᠢᠨ ᠬᠤᠶᠠᠷ ᠵᠢᠯ ᠳᠤ᠂ ᠪᠥᠬᠦ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ 6 ᠪᠠᠶᠢᠴᠠᠭᠠᠯᠳᠠ ᠶᠢᠨ ᠠᠵᠢᠯᠲᠠᠨ ᠣᠷᠣᠨ ᠤ ᠲᠡᠰ ᠤᠨ ᠲᠤᠬᠠᠶᠢᠯᠠᠭᠰᠠᠨ ᠠᠵᠢᠯ ᠤᠨ ᠤᠷᠤᠯᠳᠤᠭᠠᠨ ᠤ ᠴᠢᠳᠠᠪᠤᠷᠢᠲᠠᠨ ᠪᠠ ᠵᠢᠱᠢᠶᠡᠴᠢ ᠶᠢᠨ ᠴᠣᠯᠠ ᠶᠢ ᠭᠥᠷᠳᠡᠵᠦ᠂ 23 ᠬᠡᠷᠡᠭ ᠨᠢ ᠪᠥᠬᠦ ᠤᠯᠤᠰ ᠤᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠭᠳᠡᠵᠦ᠂ 27 ᠪᠠᠶᠢᠴᠠᠭᠠᠯᠳᠠ ᠶᠢᠨ ᠠᠵᠢᠯᠲᠠᠨ ᠪᠥᠬᠦ ᠤᠯᠤᠰ᠂ ᠪᠥᠬᠦ ᠣᠷᠣᠨ ᠤ ᠪᠠᠶᠢᠴᠠᠭᠠᠬᠤ ᠴᠢᠳᠠᠪᠤᠷᠢᠲᠠᠨ ᠤ ᠬᠥᠮᠥᠷᠭᠡ ᠳᠤ ᠰᠣᠩᠭᠤᠭᠳᠠᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃    ᠣᠶᠤᠨ ᠤᠬᠠᠭᠠᠨ ᠢᠶᠠᠨ ᠲᠥᠪᠯᠡᠷᠡᠭᠦᠯᠵᠦ ᠬᠦᠴᠦᠨ ᠴᠢᠳᠠᠯ ᠢᠶᠠᠨ ᠨᠢᠭᠲᠠᠷᠠᠭᠤᠯᠪᠠ᠃ ᠬᠢᠨᠭ᠍ᠭᠠᠨ ᠠᠶᠢᠮᠠᠬ ᠤᠨ ᠬᠤᠶᠠᠷ ᠱᠠᠳᠤᠨ ᠤ ᠪᠠᠶᠢᠴᠠᠭᠠᠬᠤ ᠪᠠᠶᠢᠭᠤᠯᠭ᠎ᠠ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ᠂ ᠠᠷᠠᠳ ᠲᠦᠮᠡᠨ ᠤ ᠬᠢᠨᠠᠯᠲᠠ ᠲᠠᠯᠪᠢᠭᠴᠢ ᠶᠢ ᠤᠷᠢᠬᠤ ᠵᠡᠷᠬᠡ ᠠᠷᠭ᠎ᠠ ᠵᠠᠮ ᠢᠶᠠᠷ ᠲᠠᠮᠵᠢᠭᠤᠯᠵᠦ᠂ ︽ᠨᠡᠶᠢᠲᠡ ᠶᠢᠨ ᠲᠥᠯᠥᠭᠡ ᠵᠢᠳᠬᠦᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠡᠷᠭᠡ ᠶᠢ ᠵᠤᠬᠢᠶᠠᠨ ᠪᠠᠶᠢᠭᠤᠯᠵᠤ᠂ ᠲᠤᠰᠬᠠᠶ ᠮᠡᠷᠭᠡᠵᠢᠯ ᠠᠯᠤᠰᠯᠠᠭᠰᠠᠨ ᠬᠠᠮᠵᠢᠯᠴᠠᠬᠤ ᠲᠣᠭᠲᠠᠴᠠ ᠶᠢ ᠡᠬᠦᠳᠴᠦ᠂ ᠬᠡᠷᠡᠭ ᠵᠠᠷᠭᠤ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠤᠳᠤ᠂ ᠪᠦᠬᠦ ᠠᠶᠢᠮᠠᠭ ᠤᠨ ᠬᠤᠶᠠᠷ ᠱᠠᠳᠤᠨ ᠤ ᠪᠠᠶᠢᠴᠠᠭᠠᠬᠤ ᠪᠠᠶᠢᠭᠤᠯᠭ᠎ᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢ ᠬᠠᠮᠦᠷᠤᠭᠰᠠᠨ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠪᠠ ᠠᠷᠠᠳ ᠲᠦᠮᠡᠨ ᠤ ᠬᠢᠨᠠᠯᠲᠠ ᠲᠠᠯᠪᠢᠭᠴᠢ ᠲᠠᠢ ᠪᠤᠯᠵᠦ᠂ ︽ᠬᠡᠷᠡᠭ ᠨᠢᠭᠡᠪᠦᠷᠢ ᠶᠢ ᠴᠢᠨᠠᠷ ᠰᠠᠶᠢᠲᠠᠶ ᠰᠠᠶᠢᠲᠤᠷ ᠡᠷᠭᠢᠯᠡᠬᠦ︾ ᠳᠤ ᠣᠯᠠᠨ ᠲᠠᠯ᠎ᠠ ᠶᠢᠨ ᠲᠤᠯᠭᠠᠭᠤᠷᠢᠯᠠᠯ ᠬᠠᠩᠭᠠᠵᠤ ᠪᠠᠶᠢᠨ᠎ᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号