ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠠᠶᠢᠮᠠᠭ ᠢ ᠵᠠᠰᠠᠬᠤ ᠵᠦᠪᠯᠡᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/30
   4 ᠰᠠᠷ᠎ᠠ ᠶᠢᠨ 25 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠠᠶᠢᠮᠠᠭ ᠢ ᠵᠠᠰᠠᠬᠤ ᠵᠥᠪᠯᠡᠯ ᠤᠨ ᠬᠤᠷᠠᠯ ᠢ ᠬᠤᠷᠠᠯᠳᠤᠭᠤᠯᠵᠤ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭ᠎ᠠ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ᠲᠥᠪ ᠤᠨ ᠬᠦᠷᠰᠢ ᠵᠡᠷᠭᠡᠯᠡᠳᠡᠭᠡ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠵᠤ᠂ ︽ᠨᠢᠭᠡ ᠪᠦᠰᠡ ᠨᠢᠭᠡ ᠵᠠᠮ︾ ᠤᠨ ᠴᠢᠨᠠᠷ ᠰᠠᠶᠢᠲᠠᠶ ᠬᠠᠮᠲᠤᠪᠠᠷ ᠪᠥᠲᠥᠭᠡᠨ ᠪᠠᠶᠢᠭᠤᠯᠬᠤ ᠳᠤ ᠭᠦᠨᠵᠡᠭᠡᠶ ᠠᠭᠤᠰᠤᠯᠴᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠡᠷᠬᠢᠨ ᠲᠣᠭᠤᠷᠢᠨ ᠤ ᠤᠯᠤᠰ ᠪᠠ ᠣᠷᠣᠨ ᠨᠤᠲᠤᠭ ᠲᠠᠢ ᠶᠠᠪᠤᠯᠴᠠᠭ᠎ᠠ᠂ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠤᠯᠤᠰ ᠤᠨ ᠬᠦᠷᠰᠢ ᠵᠡᠷᠭᠡᠯᠡᠳᠡᠭᠡ ᠶᠢᠨ ᠠᠵᠢᠯ ᠳᠤ ᠬᠢᠩᠭᠠᠨ ᠤ ᠬᠦᠴᠦᠨ ᠴᠢᠳᠠᠯ ᠢᠶᠠᠨ ᠴᠢᠷᠮᠠᠶᠢᠨ ᠨᠡᠮᠡᠷᠢᠯᠡᠬᠦ ᠬᠡᠷᠡᠭᠳᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠳᠠ ᠶᠢ ᠬᠦᠨᠵᠡᠭᠡᠶᠢᠷᠡᠬᠦᠯᠵᠦ᠂ ᠬᠠᠤᠯᠢ ᠶᠢ ᠲᠥᠪ ᠭᠤᠣᠯᠴᠢ ᠪᠠᠷ ᠪᠠᠷᠢᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠴᠢᠨᠠᠷ ᠰᠠᠶᠢᠳᠠᠢ ᠬᠦᠭᠵᠢᠯᠳᠡ ᠳᠤ ᠪᠠᠳᠦ ᠴᠢᠩᠭ᠎ᠠ ᠬᠠᠤᠯᠢᠵᠢᠯ ᠤᠨ ᠪᠠᠳᠤᠯᠠᠭ᠎ᠠ ᠬᠠᠩᠭᠠᠬᠤ ᠬᠡᠷᠡᠭᠳᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠥᠷᠨᠢᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮ ᠲᠠᠢ ᠲᠥᠯᠥᠪᠵᠢᠭᠦᠯᠬᠦ ᠪᠠ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠦ᠂ ᠠᠰᠠᠭᠤᠳᠠᠯ ᠢ ᠪᠠᠶᠢᠴᠠᠭᠠᠨ ᠢᠯᠠᠷᠠᠭᠦᠯᠭᠦ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠵᠤ᠂ ᠰᠤᠷᠤᠯᠴᠠᠯᠭ᠎ᠠ ᠬᠥᠮᠦᠵᠢᠯ ᠤᠨ ᠲᠠᠰᠤᠷᠠᠯᠳᠡ ᠦᠭᠡᠢ ᠭᠦᠨᠵᠡᠭᠡᠶᠢᠷᠡᠭᠦᠯᠤᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠪᠡ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠭᠡᠨ ᠠᠬᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠬᠤᠯᠪᠣᠭᠠᠯᠠᠨ ᠬᠥᠳᠡᠯᠦᠯᠴᠡᠵᠦ ᠬᠠᠮᠲᠤᠪᠠᠷ ᠤᠷᠤᠭᠰᠢᠯᠠᠵᠤ᠂ ᠪᠦᠬᠦᠯᠢ ᠴᠣᠭᠴᠠ ᠪᠠᠷ ᠠᠬᠢᠭᠤᠯᠵᠤ᠂ ᠠᠯᠢ ᠲᠦᠷᠭᠡᠨ ᠢᠶᠠᠷ ᠨᠢᠭᠡ ᠪᠦᠯᠦᠭ ᠬᠦᠳᠦᠯᠦᠨ ᠳᠠᠭᠠᠭᠤᠯᠬᠤ ᠴᠢᠨᠠᠷᠲᠠᠢ᠂ ᠪᠡᠯᠭᠡ ᠳᠡᠮᠳᠡᠭ ᠤᠨ ᠴᠢᠨᠠᠷᠲᠠᠢ ᠦᠷ᠎ᠡ ᠪᠦᠲᠦᠭᠡᠯ ‍ᠤᠯᠬᠤ ᠪᠠᠷ ᠴᠢᠷᠮᠠᠶᠢᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠠᠰᠠᠭᠤᠳᠠᠯ ᠢ ᠰᠢᠢᠳᠪᠦᠷᠢᠯᠡᠬᠦ ᠰᠡᠳᠭᠢᠬᠦᠢ ᠶᠢ ᠪᠤᠢ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠯ᠎ᠡ ᠲᠥᠷᠥᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号