︽ᠯᠢ ᠠᠪᠠᠭ᠋ᠠᠢ᠂ ᠲᠠ ᠰᠠᠶᠢᠨ ᠤᠤ᠃ ᠪᠢ ᠪᠣᠯ ᠶᠤᠸᠠᠨ ᠲᠦᠩ ᠲᠦᠷᠭᠡᠨ ᠬᠦᠷᠭᠡᠯᠲᠡ ᠶᠢᠨ ᠲᠦᠷᠭᠡᠨ | ᠬᠦᠷᠭᠡᠭᠴᠢ ᠪᠤᠯᠤᠨ᠎ᠠ᠂ ᠲᠠᠨ ᠤ ᠵᠠᠬᠢᠶᠠᠯᠠᠭᠰᠠᠨ ᠶᠠᠭᠤᠮ᠎ᠠ ᠶᠢ ᠬᠦᠷᠭᠡᠵᠦ ᠢᠷᠡᠯ᠎ᠡ᠂ ᠪᠢ ᠣᠳᠣ ᠰᠠᠭᠤᠭᠠᠯᠢ | ᠠᠷᠠᠳ ᠤᠨ ᠲᠤᠭᠤᠷᠢᠭ ᠤᠨ ᠡᠭᠦᠳᠡᠨ ᠳᠤ ᠪᠠᠶᠢᠨ᠎ᠠ ᠁ ︾ ᠡᠳᠦᠷ ᠪᠦᠷᠢ ᠨᠠᠭᠠᠳᠤ ᠵᠠᠬ᠎ᠠ ᠨᠢ 300 ᠤᠳᠠᠭ᠎ᠠ | ᠤᠲᠠᠰᠤᠳᠠᠳᠠᠭ ᠴᠦ ᠯᠢ ᠰᠢᠶᠣᠤ ᠸᠠᠩ ᠤᠨ ᠲᠠᠭᠤᠨ ᠦᠡᠭᠭᠡ ᠨᠢ ᠬᠡᠵᠢᠶᠡᠳᠡ ᠲᠠᠯᠪᠢᠭᠤ ᠮᠦᠷᠳᠡᠭᠡᠨ ᠪᠠᠶᠠᠷᠳᠠᠢ | ᠪᠠᠶᠢᠳᠠᠭ᠃ | ᠲᠦᠷᠭᠡᠨ ᠬᠦᠷᠭᠡᠯᠲᠡ ᠶᠢᠨ ᠠᠵᠢᠯ ᠢ ᠬᠢᠭᠰᠡᠨ 8 ᠵᠢᠯ ᠳᠤ᠂ ᠰᠠᠷ᠎ᠠ ᠪᠦᠷᠢ 3000 ᠵᠠᠬᠢᠶᠠᠯᠠᠭ᠎ᠠ ᠬᠦᠷᠭᠡᠵᠦ᠂ | 300 ᠵᠠᠬᠢᠶᠠᠯᠠᠭ᠎ᠠ ᠬᠤᠷᠢᠶᠠᠨ ᠠᠪᠳᠠᠭ ᠪᠠᠶᠢᠭᠰᠠᠨ ᠠᠴᠠ ᠣᠲᠣ ᠪᠤᠯᠬᠤ ᠳᠤ ᠰᠠᠷ᠎ᠠ ᠪᠦᠷᠢ 10000 ᠵᠠᠬᠢᠶᠠᠯᠠᠭ᠎ᠠ | ᠬᠦᠷᠭᠡᠵᠦ᠂ 3000 ᠵᠠᠬᠢᠶᠠᠯᠠᠭ᠎ᠠ ᠬᠤᠷᠢᠶᠠᠨ ᠠᠪᠴᠤ᠂ ᠭᠠᠷ ᠤᠨ ᠥᠰᠥᠭ ᠵᠢᠷᠤᠵᠤ ᠬᠤᠷᠢᠶᠠᠨ ᠠᠪᠤᠭᠰᠠᠨ ᠨᠣᠷᠮ᠎ᠠ | 99% ᠳᠤ ᠬᠦᠷᠴᠦ᠂ ᠬᠡᠷᠡᠭᠯᠡᠭᠴᠢᠳ ᠤᠨ ᠰᠠᠶᠢᠨ ᠦᠨᠡᠯᠡᠯᠲᠡ ᠶᠢᠨ ᠨᠣᠷᠮ᠎ᠠ 100% ᠳᠤ ᠬᠦᠷᠴᠦ᠂ ᠥᠪᠥᠷ | ᠮᠣᠩᠭᠤᠯ ᠤᠨ ᠶᠤᠸᠠᠨ ᠲᠦᠩ ᠲᠦᠷᠭᠡᠨ ᠬᠦᠷᠭᠡᠯᠲᠡ ᠶᠢᠨ ᠰᠢᠰᠲ᠋ᠧᠮ ᠤᠨ ᠬᠢᠨ ᠤ ᠳᠣᠲᠣᠷ᠎ᠠ ᠵᠢᠯ ᠲᠤᠷᠰᠢ | ᠲᠡᠷᠢᠭᠦᠯᠡᠳᠡᠭ ᠪᠤᠯᠪᠠ᠃ | ᠡᠲᠡᠭᠡᠷ ᠲᠤᠭ᠎ᠠ ᠪᠠᠷᠢᠮᠲᠠ ᠨᠢ᠂ ᠥᠪᠥᠷ ᠮᠣᠩᠭᠤᠯ ᠤᠨ ᠶᠤᠸᠠᠨ ᠲᠦᠩ ᠲᠦᠷᠭᠡᠨ ᠬᠦᠷᠭᠡᠯᠲᠡ ᠶᠢᠨ ᠬᠢᠵᠠᠭᠠᠷᠲᠤ | ᠺᠣᠮᠫᠠᠨᠢ ᠶᠢᠨ ᠬᠥᠬᠡᠬᠤᠲᠠ ᠶᠢᠨ ᠵᠥᠩᠱᠠᠨ ᠬᠤᠪᠢᠶᠠᠷᠢ ᠺᠣᠮᠫᠠᠨᠢ ᠶᠢᠨ ᠲᠦᠷᠭᠡᠨ ᠬᠦᠷᠭᠡᠭᠴᠢ ᠯᠢ ᠰᠢᠶᠤᠤ ᠸᠠᠩ ᠤᠨ | ᠡᠳᠦᠷ ᠪᠦᠷᠢ ᠬᠠᠳᠠᠭᠤᠵᠢᠯᠳᠠᠢ ᠴᠢᠷᠮᠠᠶᠢᠨ ᠠᠵᠢᠯᠯᠠᠵᠤ᠂ ᠨᠢᠭᠡ ᠨᠢᠭᠡ ᠵᠠᠬᠢᠶᠠᠯᠠᠭ᠎ᠠ ᠪᠠᠷ ᠳ᠋ᠦᠩᠨᠡᠨ ᠡᠷᠭᠢᠴᠡᠭᠦᠯᠵᠦ᠂ | ᠤᠳᠠᠭ᠎ᠠ ᠳᠠᠷᠠᠭᠠᠯᠠᠨ ᠰᠢᠯᠢᠳᠡᠭᠵᠢᠭᠦᠯᠦᠨ ᠳᠡᠭᠡᠭᠰᠢᠯᠡᠭᠦᠯᠦᠭᠰᠡᠨ ᠤ ᠦᠷ᠎ᠡ ᠳ᠋ᠦᠩ᠂ ᠮᠦᠨ ᠴᠤ ᠲᠡᠭᠦᠨ ᠤ ᠵᠢᠷᠭᠠᠯ ᠤᠨ | ᠵᠠᠮ ᠳᠡᠭᠡᠷᠡᠬᠢ ︽ᠬᠡᠷᠡᠭᠴᠡᠭᠡ ᠲᠠᠢ ︾ ᠬᠥᠮᠦᠨ ᠪᠣᠯᠬᠤ ᠪᠠᠷ ᠵᠣᠷᠢᠭ ᠰᠢᠭᠤᠳᠤᠭᠰᠠᠨ ᠤ ᠬᠢ ᠦᠷ᠎ᠡ ᠳ᠋ᠦᠩ ᠶᠤᠮ᠃ | | ᠵᠠᠬᠢᠶᠠᠯᠠᠭ᠎ᠠ ᠬᠦᠷᠭᠡᠬᠦ ᠵᠠᠪᠰᠠᠷ ᠢᠶᠠᠷ᠂ ᠯᠢ ᠰᠢᠶᠤᠤ ᠸᠠᠩ ᠰᠠᠭᠤᠭᠠᠯᠢ ᠠᠷᠠᠳ ᠤᠨ ᠲᠣᠭᠤᠷᠢᠭ ᠤᠨ ᠠᠮᠤᠷ ᠢ | ᠬᠠᠮᠠᠭᠠᠯᠠᠭᠴᠢ᠂ ᠰᠢᠳᠠᠷ᠎ᠠ ᠲᠠᠯᠪᠢᠵᠤ ᠪᠠᠶᠢᠭ᠎ᠠ ᠡᠪᠦᠭᠡᠨ ᠲᠠᠢ ᠵᠣᠭᠤᠭᠳᠠᠵᠤ᠂ ᠠᠰᠠᠷ ᠤᠨ ᠲᠠᠷᠬᠠᠯᠲᠠ᠂ ᠰᠠᠭᠤᠭᠠᠯᠢ | ᠠᠷᠠᠳ ᠤᠨ ᠠᠮᠢᠳᠤᠷᠠᠯ ᠤᠨ ᠳᠠᠳᠬᠠᠯ ᠵᠡᠷᠭᠡ ᠰᠠᠭᠤᠭᠠᠯᠢ ᠠᠷᠠᠳ ᠤᠨ ᠲᠣᠭᠤᠷᠢᠭ ᠤᠨ ᠪᠣᠳᠠᠲᠠᠢ ᠪᠠᠶᠢᠳᠠᠯ ᠢ | ᠣᠶᠢᠯᠠᠭᠠᠵᠤ᠂ ᠬᠤᠵᠢᠮ ᠤᠨ ᠵᠠᠬᠢᠶᠠᠯᠠᠭ᠎ᠠ ᠬᠦᠷᠭᠡᠬᠦ ᠳᠡᠭᠡᠨ ᠮᠡᠳᠡᠭᠡ ᠵᠠᠩᠬᠢ ᠴᠤᠭᠯᠠᠭᠤᠯᠤᠨ᠎ᠠ᠃ ᠬᠠᠮᠲᠤ | ᠠᠵᠢᠯᠯᠠᠭᠰᠠᠳ ᠨᠢ ᠲᠡᠭᠦᠨ ᠢ ︽ᠶᠠᠪᠠᠭᠠᠨ ᠭᠠᠵᠠᠷ ᠤᠨ ᠵᠢᠷᠤᠭ ︾ ᠭᠡᠯᠴᠡᠳᠡᠭ᠃ | ︽ᠡᠳᠦᠷ ᠤᠨ ᠠᠵᠢᠯ ᠢᠶᠠᠨ ᠳᠠᠭᠤᠰᠬᠠᠭᠰᠠᠨ ᠤ ᠳᠠᠷᠠᠭ᠎ᠠ᠂ ᠪᠢ ᠴᠠᠭᠠᠰᠤ ᠭᠠᠷᠭᠠᠵᠤ ᠵᠢᠷᠤᠳᠠᠭ᠂ ᠪᠢᠷ ᠴᠠᠭᠠᠰᠤ | ᠪᠠᠶᠢᠬᠤ ᠦᠭᠡᠢ ᠪᠣᠯ ᠮᠤᠳᠤ ᠣᠯᠵᠤ ᠭᠠᠵᠠᠷ ᠳᠡᠭᠡᠷ᠎ᠡ ᠵᠢᠷᠤᠨ᠎ᠠ᠂ ᠥᠨᠥᠳᠦᠷ ᠲᠦᠷᠭᠡᠨ ᠬᠦᠷᠭᠡᠯᠲᠡ ᠪᠠᠨ ᠬᠡᠷᠬᠢᠨ | ᠬᠦᠷᠭᠡᠭᠰᠡᠨ᠂ ᠴᠠᠭ ᠢᠶᠠᠨ ᠶᠠᠭᠠᠭᠢᠵᠦ ᠰᠠᠭᠠᠲᠠᠭᠠᠭᠰᠠᠨ ᠵᠡᠷᠭᠡ ᠪᠠᠨ ᠡᠷᠭᠢᠴᠡᠭᠦᠯᠵᠦ᠂ ᠳᠠᠷᠠᠭ᠎ᠠ ᠡᠳᠦᠷ ᠨᠢ ᠵᠣᠬᠢᠬᠤ | ᠲᠣᠬᠢᠷᠠᠭᠤᠯᠤᠯᠲᠠ ᠬᠢᠵᠦ᠂ ᠠᠯᠢ ᠴᠢᠳᠠᠬᠤ ᠪᠠᠷ ᠴᠠᠭ ᠢ ᠪᠦᠷᠢᠯᠭᠡᠬᠦ ᠠᠴᠠ ᠵᠠᠶᠢᠯᠠᠰᠭᠢᠨ᠎ᠡ᠃ ᠵᠢᠱᠢᠶᠡᠯᠡᠪᠡᠯ᠂ ᠠᠯᠢ | ᠵᠠᠮ ᠨᠢ ᠰᠤᠷᠭᠠᠭᠤᠯᠢ ᠴᠤᠭᠯᠠᠬᠤ᠂ ᠰᠤᠷᠭᠠᠭᠤᠯᠢ ᠲᠠᠷᠬᠠᠬᠤ ᠣᠷᠭᠢᠯ ᠤᠨ ᠬᠤᠭᠤᠴᠠᠭᠠᠨ ᠳᠤ ᠲᠦᠭᠵᠢᠷᠡᠬᠦ᠂ ᠵᠠᠷᠢᠮ | ᠠᠵᠢᠯᠯᠠᠬᠤ ᠠᠰᠠᠷ ᠤᠨ ᠬᠢᠨ 9 ᠴᠠᠭ ᠠᠴᠠ ᠡᠮᠦᠨ᠎ᠡ ᠠᠵᠢᠯᠯᠠᠬᠤ ᠦᠭᠡᠢ ᠪᠤᠯᠬᠤᠷ ᠬᠦᠷᠭᠡᠬᠦ ᠶᠢᠨ ᠠᠷᠭ᠎ᠠ ᠦᠭᠡᠢ | ᠵᠡᠷᠭᠡ᠃ ᠡᠷᠭᠢᠴᠡᠭᠦᠯᠦᠨ ᠲᠤᠩᠭᠠᠭᠰᠠᠨ ᠤ ᠳᠠᠷᠠᠭ᠎ᠠ᠂ ᠪᠢ ᠡᠳᠡᠭᠡᠷ ᠪᠠᠶᠢᠳᠠᠯ ᠳᠤ ᠴᠢᠭᠯᠡᠭᠦᠯᠦᠨ ᠵᠠᠮ ᠱᠤᠭᠤᠮ ᠪᠠ | ᠴᠠᠭ ᠢᠶᠠᠨ ᠲᠣᠬᠢᠷᠠᠭᠤᠯᠵᠤ᠂ ᠬᠦᠷᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠳᠡᠭ ︾᠃ ᠡᠨᠡ ᠬᠦ ᠳᠠᠳᠬᠠᠯ ᠢᠶᠠᠨ ᠯᠢ | ᠰᠢᠶᠤᠤ ᠸᠠᠩ 8 ᠵᠢᠯ ᠪᠠᠷᠢᠮᠲᠠᠯᠠᠵᠤ᠂ ᠤᠳᠤ ᠬᠠᠮᠲᠤ ᠠᠵᠢᠯᠯᠠᠭᠰᠠᠳ ᠨᠢ ᠲᠡᠭᠦᠨ ᠢ ︽ᠪᠦᠷᠢᠨ ᠴᠢᠳᠠᠪᠤᠷᠢᠲᠠᠨ ︾ | ᠭᠡᠵᠦ ᠱᠣᠭᠯᠠᠨ ᠳᠠᠭᠤᠳᠠᠳᠠᠭ ᠪᠤᠯᠪᠠ᠃ ᠲᠡᠷᠡ ᠥᠪᠡᠷ ᠤᠨ ᠬᠤᠷᠠᠮᠳᠤᠭᠤᠯᠤᠭᠰᠠᠨ ᠲᠤᠷᠰᠢᠯᠭ᠎ᠠ ᠪᠠᠨ ᠳᠤᠷᠠᠲᠠᠶ᠎ᠠ | ᠬᠠᠮᠲᠤ ᠠᠵᠢᠯᠯᠠᠭᠰᠠᠳ ᠲᠠᠢ ᠪᠠᠨ ᠬᠤᠪᠢᠶᠠᠯᠴᠠᠵᠤ᠂ ᠣᠯᠠᠨ ᠢᠶᠠᠷ ᠢᠶᠠᠨ ᠲᠦᠷᠭᠡᠨ ᠬᠦᠷᠭᠡᠯᠲᠡ ᠢᠢᠨ ᠠᠵᠢᠯ | ᠲᠥᠷᠥᠯ ᠤᠨ ᠬᠥᠭᠵᠢᠯᠲᠡ ᠳᠤ ᠬᠦᠴᠦ ᠨᠡᠮᠡᠷᠢᠯᠡᠨ᠎ᠡ᠃ | ᠯᠢ ᠰᠢᠶᠣᠤ ᠸᠠᠩ ᠪᠠᠰᠠ ᠨᠢᠭᠡ ︽ᠠᠮᠵᠢᠯᠳᠠ ᠶᠢᠨ ᠰᠢᠳᠢᠲᠦ ᠵᠤᠷ ︾ ᠬᠤᠷᠢᠶᠠᠩᠭᠤᠶᠢᠯᠠᠪᠠ᠃ ᠲᠡᠷᠡ ᠨᠢ | ᠲᠠᠷᠤᠢ ︽ᠦᠨᠡᠨ ᠰᠡᠳᠭᠢᠯ ᠢᠶᠠᠷ ᠢᠶᠠᠨ ᠲᠦᠷᠭᠡᠨ ᠬᠦᠷᠭᠡᠯᠲᠡ ᠲᠤᠰᠬᠤ ᠬᠥᠮᠦᠨ ᠪᠣᠯᠭᠠᠨ ᠤ ᠰᠡᠳᠭᠢᠯ ᠢ | ᠳᠤᠯᠠᠭᠠᠯᠠᠨ᠎ᠠ ︾᠃ ᠪᠦᠬᠦ ᠵᠢᠯ ᠳᠤ ᠠᠮᠠᠷᠠᠬᠤ ᠴᠠᠭ ᠦᠭᠡᠢ᠂ ᠰᠠᠯᠬᠢ ᠪᠣᠷᠣᠭᠠᠨ ᠳᠤ ᠰᠠᠭᠠᠲᠠᠯ ᠦᠭᠡᠢ ᠪᠠᠶᠢᠵᠤ᠂ | ᠤᠳᠠᠭ᠎ᠠ ᠳᠠᠷᠠᠭᠠᠯᠠᠨ ᠴᠠᠭ ᠢᠶᠠᠨ ᠲᠤᠬᠢᠷᠠᠭᠤᠯᠵᠤ᠂ ᠨᠠᠰᠤᠲᠠᠶᠢᠴᠤᠳ᠂ ᠵᠡᠮᠳᠡᠭᠴᠦᠳ᠂ ᠭᠠᠳᠠᠭᠰᠢ ᠭᠠᠷᠬᠤ ᠳᠤ | ᠳᠥᠭᠦᠮ ᠦᠭᠡᠢ ᠬᠦᠮᠦᠰ ᠲᠤ ᠲᠦᠷᠭᠡᠨ ᠬᠦᠷᠭᠡᠯᠲᠡ ᠶᠢ ᠨᠢ ᠤᠷᠢᠳ ᠢᠶᠠᠷ ᠬᠦᠷᠭᠡᠵᠦ ᠥᠭᠭᠦᠨ᠎ᠡ᠃ ᠲᠡᠷᠡ | ᠬᠠᠮᠤᠭ ᠤᠨ ᠭᠤᠶᠤ ᠲᠦᠷᠭᠡᠨ ᠬᠦᠷᠭᠡᠭᠴᠢ ᠶᠢᠨ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠬᠡᠷᠡᠭᠯᠡᠭᠴᠢ ᠨᠢᠭᠡ | ᠪᠦᠷᠢ ᠳᠤ ᠦᠨᠡᠨ ᠰᠡᠳᠭᠢᠯ ᠠᠴᠠ ᠪᠠᠨ ᠰᠠᠶᠢᠲᠤᠷ ᠦᠢᠯᠡᠴᠢᠯᠡᠵᠦ᠂ ᠤᠯᠠᠨ ᠤ ᠢᠲᠡᠭᠡᠯ ᠢ ᠮᠠᠰᠢ ᠤᠯᠪᠠ᠃ | ︽ᠬᠡᠷᠡᠭᠯᠡᠭᠴᠢᠳ ᠤᠨ ᠤᠳᠠᠭ᠎ᠠ ᠪᠦᠷᠢ ᠶᠢᠨ ᠢᠨᠢᠶᠡᠮᠰᠦᠭᠯᠡᠯ ᠪᠠ ᠲᠠᠯᠠᠷᠬᠠᠯ ᠪᠣᠯ ᠴᠥᠮ ᠮᠢᠨᠦ ᠤᠷᠤᠭᠰᠢᠯᠠᠬᠤ | ᠡᠨᠧᠷᠭᠢ ᠮᠥᠨ᠃ ᠪᠢ ᠪᠠᠰᠠ ᠠᠷᠠᠳ ᠲᠦᠮᠡᠨ ᠳᠤ ᠦᠢᠯᠡᠴᠢᠯᠡᠬᠦ ᠶᠠᠪᠤᠴᠠ ᠳᠤᠮᠳᠠ ᠪᠠᠨ ᠵᠢᠩᠬᠢᠨᠢ ᠪᠠᠶᠠᠷ ᠪᠠᠶᠠᠰᠤᠯ | ᠪᠠ ᠬᠠᠨᠤᠮᠵᠢ ᠶᠢ ᠮᠡᠳᠡᠷᠡᠪᠡ ︾ ᠭᠡᠵᠦ ᠯᠢ ᠰᠢᠶᠣᠤ ᠸᠠᠩ ᠢᠨᠢᠶᠡᠮᠰᠦᠭᠯᠡᠨ ᠬᠡᠯᠡᠪᠡ᠃ | ᠴᠠᠭ ᠦᠶ᠎ᠡ ᠬᠥᠭᠵᠢᠵᠦ᠂ ᠠᠵᠢᠯ ᠲᠥᠷᠥᠯ ᠳᠠᠪᠰᠢᠵᠤ ᠪᠠᠶᠢᠨ᠎ᠠ᠃ ᠯᠢ ᠰᠢᠶᠤᠤ ᠸᠠᠩ ᠴᠠᠭ ᠦᠶ᠎ᠡ ᠶᠢ ᠲᠠᠭᠠᠨ | ᠤᠷᠤᠭᠰᠢᠯᠠᠬᠤ ᠠᠯᠬᠤᠭ᠎ᠠ ᠪᠠᠨ ᠶᠡᠷᠦ ᠠᠴᠠ ᠵᠤᠭᠰᠤᠭᠰᠠᠨ ᠦᠭᠡᠢ ᠪᠠᠶᠢᠵᠤ᠂ ᠠᠵᠢᠯ ᠤᠨ ᠴᠢᠯᠥᠭᠡ ᠪᠠᠷ ᠢᠶᠠᠨ | ᠲᠠᠰᠤᠷᠠᠯᠲᠠ ᠦᠭᠡᠢ ᠰᠤᠷᠤᠯᠴᠠᠵᠤ᠂ ᠨᠣᠮ ᠪᠢᠴᠢᠭ ᠠᠴᠠ ᠰᠤᠷᠤᠭᠰᠠᠨ ᠮᠡᠳᠡᠯᠭᠡ ᠶᠢ ᠠᠵᠢᠯ ᠤᠨ ᠦᠢᠯᠡᠳᠦᠯᠭᠡ ᠳᠡᠭᠡᠨ | ᠠᠰᠢᠭᠯᠠᠵᠤ᠂ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠬᠦ ᠳᠤ | ᠳᠤᠯᠭᠠᠷᠠᠭᠰᠠᠨ ᠠᠰᠠᠭᠤᠳᠠᠯ ᠢ ᠰᠶᠢᠳᠪᠦᠷᠢᠯᠡᠵᠦ᠂ ᠲᠤᠷᠰᠢᠯᠭ᠎ᠠ ᠪᠠᠨ ᠢᠳᠡᠪᠬᠢᠲᠡᠢ ᠳ᠋ᠦᠩᠨᠡᠨ᠂ ᠬᠠᠶᠢᠨ ᠰᠦᠪᠡᠭᠴᠢᠯᠡᠨ | ᠰᠢᠨ᠎ᠡ ᠶᠢ ᠡᠭᠦᠳᠴᠦ᠂ ᠥᠪᠡᠷ ᠤᠨ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠪᠡ᠃ 2019 ᠣᠨ᠂ | 2021 ᠣᠨ ᠳᠤ᠂ ᠲᠡᠷᠡ ᠪᠥᠬᠦ ᠤᠯᠤᠰ ᠤᠨ ᠲᠦᠷᠭᠡᠨ ᠬᠦᠷᠭᠡᠭᠴᠢ ᠶᠢᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ ᠳᠤ ᠣᠷᠣᠯᠴᠠᠵᠤ᠂ ᠲᠣᠰ ᠲᠣᠰ ᠭᠤᠷᠪᠠᠳᠤᠭᠠᠷ ᠳᠡᠰ ᠤᠨ ᠱᠠᠩᠨᠠᠯ᠂ ᠬᠤᠶᠠᠳᠤᠭᠠᠷ | ᠳᠡᠰ ᠤᠨ ᠱᠠᠩᠨᠠᠯ ᠭᠥᠷᠳᠡᠪᠡ᠃ | 2023 ᠣᠨ ᠤ 12 ᠰᠠᠷ᠎ᠠ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠬᠢᠨ ᠯᠢ ᠰᠢᠶᠤᠤ ᠸᠠᠩ ᠢ ᠡᠷᠢᠵᠦ᠂ ᠲᠦᠷᠭᠡᠨ ᠬᠦᠷᠭᠡᠯᠲᠡ ᠶᠢᠨ ᠲᠤᠰᠬᠠᠶ ᠮᠡᠷᠭᠡᠵᠢᠯ ᠤᠨ | ᠬᠠᠮᠢᠶ᠎ᠠ ᠪᠥᠬᠦᠶ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠠᠵᠢᠯ ᠳᠤ ᠣᠷᠣᠯᠴᠠᠬᠤ ᠶᠢ ᠬᠦᠰᠡᠪᠡ᠃ | ︽ᠡᠬᠢᠨ ᠳᠡᠭᠡᠨ ᠪᠢ ᠬᠥᠳᠡᠭᠡ ᠲᠣᠰᠬᠤᠨ ᠤ ᠢᠯᠡᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠳᠡᠮᠡᠶ | ᠣᠶᠢᠯᠠᠭᠠᠬᠤ ᠥᠬᠡᠶ ᠪᠠᠶᠢᠳᠠᠯ ᠢᠶᠠᠨ ᠪᠣᠳᠣᠯᠬᠢᠯᠠᠵᠤ᠂ ᠡᠷᠡᠭᠡᠯᠵᠡᠵᠦ ᠪᠠᠶᠢᠬᠤ ᠪᠠᠨ ᠢᠯᠡᠳᠭᠡᠪᠡ᠂ | ᠰᠤᠷᠭᠠᠭᠤᠯᠢ ᠶᠢᠨ ᠬᠢᠨ ᠨᠠᠮ᠎ᠠ ᠶᠢ ︿ᠤᠷᠢᠳ ᠢᠶᠠᠷ ᠲᠤᠷᠰᠢᠵᠤ ᠦᠵᠡ ﹀ ᠭᠡᠵᠦ ᠵᠣᠷᠢᠭᠵᠢᠭᠤᠯᠪᠠ᠂ ᠳᠡᠭᠡᠭᠡᠳ | ᠪᠢ ᠶᠡᠭᠡ ᠬᠡᠮᠵᠢᠶᠡᠨ ᠤ ᠮᠠᠲ᠋ᠧᠷᠢᠶᠠᠯ ᠡᠷᠢᠵᠦ ᠴᠤᠭᠯᠠᠭᠤᠯᠤᠭᠠᠳ ᠳᠠᠷᠠᠭ᠎ᠠ ᠨᠢ 3 ᠰᠠᠷ᠎ᠠ ᠢᠯᠡᠭᠦᠦ ᠶᠢᠨ ᠴᠠᠭ | ᠵᠠᠷᠤᠴᠠᠭᠤᠯᠵᠤ ᠳᠥᠷᠪᠡᠨ ᠬᠢᠴᠢᠶᠡᠯ ᠤᠨ ᠠᠭᠤᠯᠭ᠎ᠠ ᠶᠢ ᠨᠠᠶᠢᠷᠠᠭᠤᠯᠪᠠ ︾᠃ | ᠡᠶᠢᠨ ᠬᠦ᠂ ᠯᠢ ᠰᠢᠶᠤᠤ ᠸᠠᠩ ᠰᠤᠷᠭᠠᠭᠤᠯᠢ ᠶᠢᠨ ᠬᠢᠨ ᠲᠠᠢ ᠬᠠᠮᠲᠤᠷᠠᠨ ︽ᠲᠦᠷᠭᠡᠨ ᠬᠦᠷᠭᠡᠯᠲᠡ ᠶᠢᠨ | ᠲᠤᠬᠠᠶᠢᠯᠠᠭᠰᠠᠨ ᠠᠵᠢᠯ ᠤᠨ ᠰᠢᠢᠳᠪᠦᠷᠢᠯᠠᠯᠳᠠ ︾ ᠭᠡᠬᠦ ᠬᠢᠴᠢᠶᠡᠯ ᠤᠨ ᠪᠢᠴᠢᠭ ᠢ ᠨᠠᠶᠢᠷᠠᠭᠤᠯᠤᠨ ᠪᠢᠴᠢᠭᠰᠡᠨ ᠪᠠ | ᠰᠢᠩᠭᠡᠭᠡᠨ ᠦᠢᠯᠡᠳᠴᠦ᠂ ᠬᠥᠳᠡᠭᠡ ᠲᠣᠰᠬᠤᠨ ᠤ ᠢᠯᠡᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ | ᠲᠦᠷᠪᠡᠨ ᠬᠢᠴᠢᠶᠡᠯ ᠤᠨ ᠠᠭᠤᠯᠭ᠎ᠠ ᠶᠢ ᠪᠡᠶ᠎ᠡ ᠪᠠᠨ ᠳᠠᠭᠠᠭᠠᠵᠤ ᠪᠡᠶᠡᠯᠡᠭᠦᠯᠪᠡ᠃ ᠲᠡᠷᠡ᠂ ᠦᠪᠡᠷ ᠤᠨ ᠴᠢᠷᠮᠠᠶᠢᠯᠭ᠎ᠠ | ᠪᠠ ᠲᠠᠰᠤᠷᠠᠯᠲᠠ ᠥᠬᠡᠶ ᠰᠤᠷᠤᠯᠴᠠᠯᠭ᠎ᠠ ᠪᠠᠷ ᠢᠶᠠᠨ ᠲᠦᠷᠭᠡᠨ ᠬᠦᠷᠭᠡᠯᠳᠡ ᠶᠢᠨ ᠠᠵᠢᠯ ᠲᠥᠷᠥᠯ ᠤᠨ ᠳᠡᠭᠡᠳᠦ | ᠬᠤᠷᠳᠤᠴᠠ ᠪᠠᠷ ᠬᠥᠭᠵᠢᠵᠦ ᠪᠠᠶᠢᠭᠰᠠᠨ ᠠᠴᠠ ᠪᠠᠨ ᠴᠢᠨᠠᠷ ᠰᠠᠶᠢᠲᠠᠶ ᠬᠥᠭᠵᠢᠬᠦ ᠳᠡᠶᠢᠰᠢ ᠬᠤᠪᠢᠷᠠᠬᠤ ᠳᠤ ᠬᠦᠴᠦᠨ | ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ | ᠬᠤᠪᠢ ᠬᠦᠮᠦᠨ ᠤ ᠬᠦᠴᠦᠨ ᠴᠢᠳᠠᠯ ᠬᠡᠳᠦᠢ ᠪᠠᠭ᠎ᠠ ᠪᠣᠯᠪᠠᠴᠤ ᠯᠢ ᠰᠢᠶᠣᠣ ᠸᠠᠩ ᠮᠥᠨ ᠯᠡ ᠪᠦᠬᠦ | ᠬᠦᠴᠦ ᠪᠠᠷ ᠢᠶᠠᠨ ᠨᠡᠶᠢᠭᠡᠮ ᠳᠤ ᠦᠢᠯᠡᠴᠢᠯᠡᠵᠦ᠂ ᠨᠡᠶᠢᠭᠡᠮ ᠳᠤ ᠠᠴᠢ ᠬᠠᠷᠢᠭᠤᠯᠵᠤ᠂ ᠬᠥᠮᠥᠰ ᠢ ᠪᠢᠰᠢᠷᠡᠭᠦᠯᠦᠨ᠎ᠡ᠃ | 2021 ᠣᠨ ᠠᠴᠠ ᠡᠬᠢᠯᠡᠨ᠂ ᠲᠡᠷᠡ ᠰᠠᠷ᠎ᠠ ᠪᠦᠷᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠬᠡᠦᠬᠡᠳ ᠤᠨ ᠰᠠᠭᠤᠷᠢ ᠮᠥᠩᠭᠦᠨ ᠤ ᠨᠡᠶᠢᠭᠡᠮᠯᠢᠭ ᠲᠤ ᠵᠣᠭᠤᠰ ᠬᠠᠨᠳᠢᠪᠯᠡᠵᠤ᠂ ᠶᠠᠳᠠᠭᠤ ᠬᠦᠴᠢᠷᠳᠡᠯᠲᠡᠢ ᠠᠭᠤᠯᠠᠷᠬᠠᠭ | ᠣᠷᠣᠨ ᠤ ᠬᠡᠦᠬᠡᠳ ᠢ ᠬᠠᠪᠰᠤᠷᠤᠨ ᠲᠡᠳᠭᠦᠪᠡ᠃ | 2024 ᠣᠨ ᠤ 7 ᠰᠠᠷ᠎ᠠ ᠶᠢᠨ ᠳᠤᠮᠳᠠᠴᠢ ᠪᠠᠷ᠂ ᠠᠵᠢᠯ ᠲᠦᠷᠦᠯ ᠤᠨ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠤᠯᠲᠠ ᠳᠣᠣᠷ᠎ᠠ᠂ ᠲᠡᠷᠡ ᠺᠣᠮᠫᠠᠨᠢ ᠶᠢᠨ ᠬᠠᠮᠲᠤ ᠠᠵᠢᠯᠯᠠᠭᠴᠢ ᠪᠠᠨ ᠳᠠᠭᠠᠭᠤᠯᠤᠨ ᠨᠡᠶᠢᠭᠡᠮ ᠲᠣᠭᠤᠷᠢᠭ ᠤᠨ | ᠵᠠᠰᠠᠯᠲᠠ ᠶᠢᠨ ᠠᠵᠢᠯ ᠳᠤ ᠢᠳᠡᠪᠬᠢᠲᠡᠢ ᠤᠷᠤᠯᠴᠠᠵᠤ᠂ ᠪᠣᠯᠪᠠᠰᠤᠨ ᠬᠤᠳᠠ ᠶᠢᠨ ᠡᠭᠦᠳᠦᠨ ᠪᠠᠶᠢᠭᠤᠯᠤᠯᠲᠠ ᠶᠢ | ᠲᠡᠮᠵᠢᠵᠤ᠂ ᠲᠦᠷᠭᠡᠨ ᠬᠦᠷᠭᠡᠯᠲᠡ ᠬᠦᠷᠭᠡᠬᠦ ᠶᠢᠨ ᠬᠠᠮᠲᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠴᠤᠭᠯᠠᠭᠤᠯᠵᠤ᠂ ᠭᠡᠨᠡᠳᠲᠡ ᠶᠢᠨ ᠪᠠᠶᠢᠳᠠᠯ ᠪᠤᠶᠤ ᠠᠮᠤᠷ ᠲᠦᠪᠰᠢᠨ ᠤ ᠭᠡᠮ ᠰᠤᠭᠤᠭ ᠲᠣᠬᠢᠶᠠᠯᠳᠤᠪᠠᠯ ᠲᠡᠷᠡ | ᠳᠠᠷᠤᠢ ᠳᠤᠨᠢ ᠳᠡᠭᠡᠳᠦ ᠱᠠᠲᠤᠨ ᠳᠤ ᠮᠡᠳᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠥᠪᠡᠷ ᠤᠨ | ᠬᠦᠴᠦᠨ ᠴᠢᠳᠠᠯ ᠢᠶᠠᠨ ᠡᠷᠭᠦᠵᠡᠢ᠃ | ᠥᠪᠥᠷ ᠮᠣᠩᠭᠤᠯ ᠤᠨ ᠰᠢᠤᠳᠠᠨ ᠤ ᠠᠵᠢᠯ ᠲᠦᠷᠦᠯ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠥᠪᠥᠷ | ᠮᠣᠩᠭᠤᠯ ᠤᠨ ᠰᠢᠤᠳᠠᠨ ᠤ ᠠᠵᠢᠯ ᠲᠦᠷᠦᠯ ᠤᠨ ᠤᠮᠠᠷᠠᠲᠤ ᠶᠢᠨ ᠬᠤᠰᠢᠭᠤᠴᠢ ᠵᠢᠱᠢᠶ᠎ᠡ ᠦᠵᠡᠭᠦᠯᠬᠦ ᠠᠵᠢᠯ ᠤᠨ | ᠪᠠᠶᠢᠷᠢ᠂ ᠪᠦᠬᠦ ᠤᠯᠤᠰ ᠤᠨ ᠵᠠᠮ ᠬᠠᠷᠢᠯᠴᠠᠭᠠᠨ ᠤ ᠮᠡᠷᠭᠡᠵᠢᠯ ᠤᠨ ᠴᠢᠳᠠᠪᠤᠷᠢᠲᠠᠨ᠂ ᠪᠦᠬᠦ ᠤᠯᠤᠰ ᠤᠨ ︽5 · | 1︾ ᠤ ᠬᠥᠳᠡᠯᠮᠦᠷᠢ ᠶᠢᠨ ᠱᠠᠩᠨᠠᠯ ᠤᠨ ᠮᠧᠳᠠᠯ ᠁ ᠡᠳᠡᠭᠡᠷ ᠤᠯᠠᠨ ᠢᠷᠠᠭᠤ ᠠᠯᠳᠠᠷ ᠪᠣᠯ ᠯᠢ ᠰᠢᠶᠣᠣ ᠸᠠᠩ ᠳᠤ | ᠦᠭᠬᠦᠭᠰᠡᠨ ᠨᠤᠲᠠᠯᠠᠯᠲᠠ᠂ ᠮᠥᠨ ᠴᠦ ᠲᠡᠭᠦᠨ ᠳᠤ ᠲᠠᠯᠪᠢᠭᠰᠠᠨ ᠱᠠᠭᠠᠷᠳᠠᠯᠭ᠎ᠠ ᠪᠣᠯᠣᠨ᠎ᠠ᠃ | ᠡᠨᠡ ᠵᠢᠯ ᠤᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠯᠢ ᠰᠢᠶᠣᠣ | ᠸᠠᠩ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠪᠡ᠃ ᠡᠨᠡ ᠨᠢ ᠲᠡᠭᠦᠨ ᠳᠤ ᠶᠡᠬᠡᠳᠡ | ᠵᠣᠷᠢᠭᠵᠢᠭᠤᠯᠤᠯ ᠪᠤᠯᠵᠦ᠂ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ | ᠠᠰᠫᠢᠷᠠᠨᠲ ᠢᠶᠠᠷ ᠰᠤᠷᠤᠯᠴᠠᠨ᠎ᠠ ᠭᠡᠵᠦ ᠳᠠᠷᠠᠭᠠᠴᠢ ᠶᠢᠨ ᠬᠠᠷᠠᠯᠲᠠ ᠪᠠᠨ ᠬᠡᠯᠡᠵᠦ ᠪᠠᠶᠢᠪᠠ᠃ ︽ᠬᠡᠷᠪᠡ ᠬᠥᠮᠥᠨ | ᠨᠢᠭᠡᠪᠦᠷᠢ ᠴᠥᠮ ᠨᠢᠭᠡᠨ ᠬᠤᠪᠢ ᠬᠦᠴᠦᠨ ᠵᠢᠳᠭᠦᠯ ᠭᠠᠷᠭᠠᠪᠠᠯ᠂ ᠲᠡᠷᠡ ᠨᠢ ᠨᠡᠶᠢᠯᠡᠭᠡᠳ ᠬᠦᠴᠦᠷᠬᠡᠭ ᠶᠡᠭᠡ ᠬᠦᠴᠦᠨ | ᠴᠢᠳᠠᠯ ᠪᠣᠯᠵᠤ ᠴᠢᠳᠠᠨ᠎ᠠ᠃ ᠬᠡᠷᠪᠡ ᠬᠥᠮᠥᠨ ᠨᠢᠭᠡᠪᠦᠷᠢ ᠴᠥᠮ ᠥᠪᠡᠷ ᠤᠨ ᠠᠵᠢᠯ ᠤᠨ ᠪᠠᠶᠢᠷᠢ ᠪᠠᠨ ᠪᠠᠲᠦ ᠰᠠᠬᠢᠵᠦ | ᠴᠢᠳᠠᠪᠠᠯ᠂ ᠮᠠᠨ ᠤ ᠨᠡᠶᠢᠭᠡᠮ ᠴᠦ ᠶᠠᠪᠤᠬᠤ ᠲᠤᠲᠤᠮ ᠰᠠᠶᠢᠵᠢᠷᠠᠬᠤ ᠪᠣᠯᠣᠨ᠎ᠠ ︾ ᠭᠡᠵᠦ ᠯᠢ ᠰᠢᠶᠣᠣ ᠸᠠᠩ ᠬᠡᠯᠡᠪᠡ᠃ |