ᠠᠷᠳᠤ ᠮᠦᠭᠦ ᠪᠠᠶᠠᠵᠢᠯ ᠤᠨ ᠰᠢᠬᠦᠷ ᠢ ᠲᠤᠯᠵᠤ ᠪᠤᠰᠬᠠᠨ᠎ᠠ
ᠨᠡᠶᠢᠲᠡᠯᠡᠭᠰᠡᠨ ᠴᠠᠭ᠄
2025/4/7
   ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠠᠭᠤᠷ ᠠᠮᠢᠰᠬᠤᠯ ᠪᠣᠯᠤᠨ ᠭᠠᠵᠠᠷ ᠵᠦᠢ ᠶᠢᠨ ᠳᠠᠪᠠᠭᠤᠯᠢᠭ  ᠢᠶᠠᠨ ᠭᠦᠢᠴᠡᠳ ᠠᠰᠢᠭᠯᠠᠵᠤ᠂ ᠠᠷᠳᠤ ᠮᠦᠬᠦ ᠲᠠᠷᠢᠬᠤ ᠦᠢᠯᠡᠰ ᠢ ᠶᠡᠭᠡ ᠪᠠᠷ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢ ᠲᠠᠶᠢᠴᠢᠯᠠᠵᠤ᠂ ᠵᠢᠵᠢᠭ ᠠᠷᠳᠤ ᠮᠦᠭᠦ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠪᠠᠶᠠᠵᠢᠯ ᠤᠨ ᠰᠢᠬᠦᠷ︾ ᠢ ᠪᠤᠰᠬᠠᠵᠠᠢ᠃    ᠲᠦᠴᠢᠦᠸᠠᠨ ᠰᠢᠶᠠᠨ ᠤ ᠱᠤ᠋ ᠭᠤᠸᠠᠩ ᠢᠳᠡᠭᠡᠨ ᠤ ᠮᠦᠬᠦ ᠶᠢᠨ ᠠᠵᠤ ᠦᠢᠯᠡᠰ ᠤᠨ ᠬᠦᠷᠢᠶᠡᠯᠡᠩ ᠳᠤ᠂ ᠠᠷᠳᠤ ᠮᠦᠬᠦ ᠲᠠᠷᠢᠬᠤ ᠬᠦᠯᠡᠮᠵᠢ ᠨᠦᠭᠦᠳ ᠮᠦᠷᠯᠡᠨ ᠵᠢᠭᠳᠡᠷᠡᠵᠡᠢ᠃ ᠰᠠᠷᠠᠪᠴᠢᠨ ᠳᠣᠲᠣᠷᠠᠬᠢ ᠨᠢᠭᠡ ᠬᠥᠢᠰ ᠠᠷᠳᠤ ᠮᠦᠭᠦ ᠨᠢ ᠰᠢᠬᠦᠷ ᠰᠢᠭ ᠭᠠᠵᠠᠷ ᠲᠤᠤᠷ᠎ᠠ ᠠᠴᠠ ᠬᠠᠶᠢᠭᠳᠠᠨ ᠭᠠᠷᠴᠤ ᠢᠷᠡᠭᠡᠳ᠂ ᠮᠦᠭᠦ ᠶᠢᠨ ᠶᠢᠨ ᠳᠠᠯᠠᠩ ᠳᠡᠭᠡᠷ᠎ᠡ ᠵᠢᠭᠳᠡᠷᠡᠨ᠂ ᠮᠠᠰᠢ ᠪᠠᠶᠠᠷᠯᠠᠭᠤᠰᠢᠲᠠᠶ ᠪᠠᠶᠢᠵᠦ᠂ ᠮᠡᠷᠭᠡᠵᠢᠯᠲᠡᠨ ᠶᠠᠭ ᠲᠡᠭᠦᠵᠦ ᠬᠤᠷᠢᠶᠠᠵᠤ ᠪᠠᠶᠢᠨ᠎ᠠ᠃
   ︽ᠡᠨᠡ ᠪᠦᠯᠦᠭ ᠠᠷᠳᠤ ᠮᠦᠭᠦ ᠶᠢ 24 ᠵᠢᠯ ᠤᠨ 10 ᠰᠠᠷ᠎ᠠ ᠳᠤ ᠳᠠᠷᠢᠵᠤ᠂ ᠳᠠᠷᠢᠬᠤ ᠲᠠᠯᠠᠪᠠᠶ ᠨᠢ 13 ᠮᠥ ᠪᠠᠶᠢᠵᠤ᠂ ᠶᠠᠭ ᠮᠥᠭᠦ ᠭᠠᠷᠬᠤ ᠬᠤᠭᠤᠴᠠᠭᠠᠨ ᠳᠤ ᠪᠠᠶᠢᠨ᠎ᠠ᠂ ᠣᠲᠣ ᠵᠠᠯᠭᠠᠭ᠎ᠠ ᠪᠠᠷ ᠲᠡᠭᠦᠵᠦ ᠡᠬᠢᠯᠡᠵᠡᠶ᠂ ᠵᠢᠱᠢᠯᠲᠡ  ᠪᠠᠷ ᠮᠥ ᠪᠦᠷᠢ ᠠᠴᠠ 1000 ᠵᠢᠩ ᠠᠷᠳᠤ ᠮᠦᠭᠦ ᠭᠠᠷᠬᠤ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠱᠤ᠋ ᠭᠤᠸᠠᠩ ᠢᠳᠡᠭᠡᠨ ᠤ ᠮᠥᠭᠦ ᠶᠢᠨ ᠠᠵᠤ ᠦᠶᠯᠡᠰ ᠤᠨ ᠬᠦᠷᠢᠶᠡᠯᠡᠩ ᠤᠨ ᠮᠡᠷᠭᠡᠵᠢᠯᠲᠡᠨ ᠯᠢᠶᠣᠤ ᠳ᠋ᠤᠤ ᠴᠧᠩ ᠬᠡᠯᠡᠪᠡ    ᠲᠦᠴᠢᠦᠸᠠᠨ ᠰᠢᠶᠠᠨ ᠤ ᠱᠤ᠋ ᠭᠤᠸᠠᠩ ᠢᠳᠡᠰᠢᠨ ᠮᠥᠭᠦ ᠶᠢᠨ ᠠᠵᠤ ᠦᠶᠯᠡᠰ ᠤᠨ ᠬᠦᠷᠢᠶᠡᠯᠡᠩ ᠢ 2024 ᠣᠨ ᠳᠤ ᠪᠠᠶᠢᠭᠤᠯᠵᠤ᠂ 145.78 ᠮᠥ ᠲᠠᠯᠠᠪᠠᠶ ᠡᠵᠡᠯᠡᠵᠦ᠂ ᠲᠣᠮᠣ ᠫᠧᠩ ᠨᠢ ᠤᠰᠤᠨ ᠬᠥᠰᠢᠭᠡ ᠶᠢᠨ ᠣᠷᠴᠢᠯ ᠳᠤᠯᠠᠭᠠᠨ ᠢ ᠡᠵᠡᠮᠳᠡᠬᠦ ᠮᠡᠷᠭᠡᠵᠢᠯ ᠢ ᠠᠰᠢᠭᠯᠠᠨ᠂ ᠬᠤᠤᠰ ᠳᠠᠪᠬᠤᠷᠭᠠᠲᠤ ᠬᠥᠪᠥᠩ ᠬᠥᠨᠵᠢᠯᠡ ᠶᠢᠨ ᠪᠦᠲᠦᠴᠡ ᠶᠢ ᠬᠡᠷᠡᠭᠯᠡᠨ᠂ ᠲᠣᠮᠣ ᠫᠧᠩ ᠤᠨ ᠳᠤᠯᠠᠭᠠᠨ ᠢ ᠡᠵᠡᠮᠳᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠡᠪᠦᠯ ᠳᠤᠯᠠᠭᠠᠨ ᠵᠣᠨ ᠰᠡᠷᠢᠭᠦᠨ ᠪᠠᠶᠢᠬᠤ ᠶᠢ ᠪᠡᠶᠡᠯᠡᠭᠦᠯᠦᠨ᠂ ᠡᠪᠦᠯ ᠤᠨ ᠤᠯᠠᠷᠢᠯ ᠤᠨ ᠰᠥᠨᠢ ᠶᠢᠨ ᠬᠦᠯᠡᠮᠵᠢ ᠶᠢᠨ ᠳᠤᠯᠠᠭᠠᠨ ᠢ 10 ℃ ᠠᠴᠠ ᠳᠡᠭᠡᠭᠰᠢ ᠪᠠᠶᠢᠯᠭᠠᠵᠤ᠂ ᠤᠯᠠᠮᠵᠢᠯᠠᠯᠲᠤ ᠬᠦᠯᠡᠮᠵᠢ ᠠᠴᠠ ᠬᠡᠷᠡᠯ ᠣᠷᠣᠭᠤᠯᠬᠤ ᠶᠢ 30 % ᠪᠠᠷ ᠨᠡᠮᠡᠭᠳᠡᠭᠦᠯᠵᠦ᠂ ᠳᠤᠯᠠᠭᠠᠨ ᠢ ᠡᠵᠡᠮᠳᠡᠬᠦ᠂ ᠬᠡᠷᠡᠯ ᠲᠣᠬᠢᠷᠠᠭᠤᠯᠬᠤ᠂ ᠰᠠᠯᠬᠢ ᠨᠡᠪᠲᠡᠷᠡᠭᠦᠯᠬᠦ᠂ ᠤᠰᠤᠨ ᠤ ᠣᠷᠴᠢᠯ ᠵᠡᠷᠭᠡ ᠪᠥᠬᠦ ᠶᠠᠪᠤᠴᠠ ᠶᠢ ᠣᠶᠤᠨᠴᠢ ᠪᠠᠷ ᠡᠵᠡᠮᠳᠡᠬᠦ ᠶᠢ ᠪᠡᠶᠡᠯᠡᠭᠦᠯᠵᠦ᠂ ᠬᠦᠯᠡᠮᠵᠢ ᠳᠣᠲᠣᠷᠠᠬᠢ ᠠᠷᠳᠤ ᠮᠦᠭᠦ ᠶᠢᠨ ᠲᠠᠷᠢᠮᠠᠯ ᠤᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠠᠷᠪᠢᠯᠠᠵᠠᠢ᠃
   ︽ᠲᠣᠮᠣ ᠫᠧᠩ ᠤᠨ ᠨᠠᠯᠠᠤ ᠭᠠᠳᠠᠷᠭᠤ ᠶᠢ ᠬᠤᠪᠢᠷᠠᠭᠤᠯᠬᠤ᠂ ᠤᠰᠤᠨ ᠬᠥᠰᠢᠭᠡᠲᠦ ᠬᠡᠷᠡᠮ ᠢ ᠨᠡᠮᠡᠵᠦ ᠪᠠᠶᠢᠭᠤᠯᠬᠤ᠂ ᠭᠡᠷᠡᠯ ᠳᠠᠪᠬᠤᠴᠠᠭᠤᠯᠬᠤ ᠮᠡᠷᠭᠡᠵᠢᠯ ᠢ ᠬᠡᠷᠡᠭᠯᠡᠬᠦ᠂ ᠫᠧᠩ ᠰᠠᠷᠠᠪᠴᠢ ᠶᠢᠨ ᠳᠤᠯᠠᠭᠠᠨ ᠢ ᠳᠡᠭᠡᠭᠰᠢᠯᠡᠭᠦᠯᠬᠦ ᠬᠤᠷᠳᠤᠴᠠ ᠶᠢ ᠳᠡᠭᠡᠭᠰᠢᠯᠡᠭᠦᠯᠬᠦ᠂ ᠳᠤᠯᠠᠭᠠᠨ ᠢ ᠪᠠᠭᠤᠷᠠᠭᠤᠯᠬᠤ ᠬᠤᠷᠳᠤᠴᠠ ᠶᠢ ᠤᠳᠠᠭᠠᠰᠢᠷᠠᠭᠤᠯᠬᠤ᠂ ᠤᠷᠭᠤᠮᠠᠯ ᠤᠷᠭᠤᠯᠲᠠ ᠶᠢ ᠲᠦᠷᠭᠡᠳᠬᠡᠬᠦ ᠪᠠᠷ ᠳᠠᠮᠵᠢᠨ᠂ ᠳᠥᠷᠪᠡᠨ ᠤᠯᠠᠷᠢᠯ ᠳᠤᠯᠠᠭᠠᠯᠠᠬᠤ ᠦᠭᠡᠢ ᠪᠠᠷ ᠢᠳᠡᠰᠢᠨ ᠮᠥᠭᠦ ᠪᠠ ᠡᠯ᠎ᠡ ᠲᠥᠷᠥᠯ ᠤᠨ ᠵᠢᠮᠢᠰ ᠢᠳᠡᠰᠢᠨ ᠨᠣᠭᠤᠭ᠎ᠠ ᠶᠢ ᠲᠠᠷᠢᠵᠤ ᠪᠣᠯᠬᠤ᠂ ᠭᠠᠷᠤᠯᠲᠠ ᠣᠷᠣᠯᠭ᠎ᠠ ᠶᠢ ᠪᠦᠲᠦᠮᠵᠢᠲᠡᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃︾ ᠭᠡᠵᠦ ᠲᠦᠴᠢᠦᠸᠠᠨ ᠰᠢᠶᠠᠨ ᠤ ᠱᠤ᠋ ᠭᠤᠸᠠᠩ ᠢᠳᠡᠭᠡᠨ ᠤ ᠮᠥᠭᠦ ᠶᠢᠨ ᠠᠵᠤ ᠦᠶᠯᠡᠰ ᠤᠨ ᠬᠦᠷᠢᠶᠡᠯᠡᠩ ᠤᠨ ᠮᠡᠷᠭᠡᠵᠢᠯᠲᠡᠨ ᠯᠢᠶᠣᠤ ᠳ᠋ᠤᠤ ᠴᠧᠩ ᠬᠡᠯᠡᠪᠡ᠃
   ᠠᠷᠳᠤ ᠮᠦᠭᠦ ᠲᠠᠷᠢᠬᠤ ᠦᠶᠡᠯᠡᠯ ᠨᠢ ᠣᠬᠤᠷ᠂ ᠦᠷ᠎ᠡ ᠠᠰᠢᠭ ᠰᠠᠶᠢᠨ᠂ ᠦᠷ᠎ᠡ ᠠᠰᠢᠭ ᠣᠯᠬᠤ ᠨᠢ ᠬᠤᠷᠳᠤᠨ ᠃ ᠲᠦᠴᠢᠦᠸᠠᠨ ᠰᠢᠶᠠᠨ ᠤ ᠱᠤ᠋ ᠭᠤᠸᠠᠩ ᠢᠳᠡᠭᠡᠨ ᠤ ᠮᠦᠬᠦ ᠶᠢᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠠᠷᠳᠤ ᠮᠦᠬᠦ ᠶᠢᠨ ᠬᠦᠯᠡᠮᠵᠢ ᠪᠠᠶᠢᠭᠤᠯᠬᠤ ᠠᠵᠢᠯ ᠳᠤ ᠪᠦᠬᠦ ᠬᠦᠴᠦᠨ ᠢᠶᠠᠷ ᠢᠶᠠᠨ ᠣᠷᠣᠯᠴᠠᠵᠤ᠂ ᠮᠥᠷ ᠮᠥᠷ ᠪᠤᠯᠤᠳ ᠤᠨ ᠪᠦᠲᠦᠴᠡ  ᠲᠠᠢ ᠬᠦᠯᠡᠮᠵᠢ ᠰᠦᠨᠳᠡᠷᠯᠡᠨ ᠪᠣᠰᠴᠤ᠂ ᠲᠤᠬᠠᠢ ᠶᠢᠨ ᠲᠠᠯᠠᠪᠠᠢ ᠳᠤ ᠮᠠᠰᠢ ᠶᠠᠭᠠᠷᠠᠯᠲᠠᠢ ᠪᠠᠶᠢᠯ᠎ᠠ᠃
   ︽ᠢᠳᠡᠰᠢᠨ ᠮᠥᠭᠦ ᠶᠢᠨ ᠰᠠᠭᠤᠷᠢᠨ ᠭᠠᠵᠠᠷ ᠢ 15 ᠲᠣᠮᠣ ᠫᠧᠩ ᠪᠠᠶᠢᠭᠤᠯᠬᠤ ᠪᠠᠷ ᠲᠥᠯᠥᠪᠯᠡᠵᠦ᠂ ᠭᠤᠷᠪᠠᠨ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠭᠡᠵᠦ ᠬᠤᠪᠢᠶᠠᠨ᠂ ᠣᠳᠣᠬᠠᠨ ᠳᠤ ᠨᠢᠭᠡᠳᠦᠭᠡᠷ ᠬᠤᠭᠤᠴᠠᠭᠠᠨ ᠤ 6 ᠲᠣᠮᠣ ᠫᠧᠩ ᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ 5 ᠲᠣᠮᠣ ᠫᠧᠩ ᠢ 5 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠵᠤ᠂ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠵᠡᠷᠭᠡ ᠪᠠᠷ ᠥᠷᠨᠢᠭᠦᠯᠬᠦ ᠪᠠᠷ ᠵᠢᠱᠢᠵᠦ ᠪᠠᠶᠢᠨ᠎ᠠ᠃ ᠰᠠᠭᠤᠷᠢᠨ ᠭᠠᠵᠠᠷ ᠢ ᠪᠠᠶᠢᠭᠤᠯᠤᠭᠰᠠᠨ ᠤ ᠳᠠᠷᠠᠭ᠎ᠠ᠂ ᠲᠠᠷᠢᠬᠤ ᠲᠠᠯᠠᠪᠠᠶ ᠨᠢ ᠨᠡᠶᠢᠲᠡ 30 ᠮᠥ ᠪᠠᠶᠢᠵᠤ᠂ ᠵᠢᠯ ᠳᠤ 6 ᠲᠦᠮᠡᠨ ᠵᠢᠩ ᠰᠢᠨ᠎ᠡ ᠮᠥᠭᠦ ᠦᠶᠯᠡᠳᠪᠦᠷᠢᠯᠡᠵᠦ᠂ ᠦᠶᠯᠡᠳᠬᠦᠨ ᠤ ᠪᠥᠬᠦ ᠥᠷᠲᠡᠭ ᠨᠢ 780 ᠲᠦᠮᠡ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠱᠤ᠋ ᠭᠤᠸᠠᠩ ᠢᠳᠡᠭᠡᠨ ᠤ ᠮᠥᠭᠦ ᠶᠢᠨ ᠠᠵᠤ ᠦᠶᠯᠡᠰ ᠤᠨ ᠬᠦᠷᠢᠶᠡᠯᠡᠩ ᠤᠨ ᠮᠡᠷᠭᠡᠵᠢᠯᠲᠡᠨ ᠯᠢᠶᠣᠤ ᠳ᠋ᠤᠤ ᠴᠧᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号