ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 6 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ | ᠥᠭᠦᠯᠡᠯᠲᠡ ᠶᠢᠨ ᠲᠡᠭᠦᠪᠦᠷᠢ ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠢ ᠣᠶᠢᠷ᠎ᠠ ᠳᠤ ᠲᠥᠪ ᠤᠨ ᠨᠠᠶᠢᠷᠠᠭᠤᠯᠤᠨ | ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃ | ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ | ︾ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ | ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ ᠨᠥᠬᠦᠷ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ ᠣᠷᠣᠭᠤᠯᠪᠠ᠃ ᠲᠣᠰ | ᠨᠣᠮ ᠤᠨ ᠢᠰᠫᠠᠨᠢ ᠬᠡᠯᠡᠨ ᠤ ᠬᠡᠪᠯᠡᠯ ᠪᠣᠯᠣᠨ ᠲᠦᠷᠦᠭᠦᠬᠡᠨ ᠬᠡᠪᠯᠡᠭᠳᠡᠭᠰᠡᠨ ᠠᠩᠭ᠍ᠯᠢ ᠭᠡᠯᠡ᠂ ᠹᠷᠠᠨᠼᠢ ᠭᠡᠯᠡ᠂ ᠣᠷᠣᠰ ᠭᠡᠯᠡ᠂ | ᠠᠷᠠᠪ ᠭᠡᠯᠡ᠂ ᠶᠠᠫᠤᠨ ᠬᠡᠯᠡᠨ ᠤ ᠬᠡᠪᠯᠡᠯ ᠨᠢ ᠭᠠᠳᠠᠭᠠᠳᠤ ᠶᠢᠨ ᠤᠩᠰᠢᠭᠴᠢᠳ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠠᠮᠵᠢᠯᠲᠠ ᠲᠠᠢ ᠪᠠᠷ ᠵᠠᠮᠨᠠᠭᠰᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ | ᠪᠦᠲᠦᠭᠡᠭᠰᠡᠨ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ᠂ ᠢᠯᠡᠷᠡᠭᠦᠯᠦᠭᠰᠡᠨ ᠣᠳᠣᠬᠢᠴᠢᠯᠠᠯᠲᠠ ᠶᠢᠨ ᠰᠢᠨ᠎ᠡ | ᠵᠢᠷᠤᠭ ᠲᠥᠰᠥᠪ ᠢ ᠭᠦᠨᠵᠡᠭᠡᠢ ᠣᠶᠢᠯᠠᠭᠠᠵᠤ᠂ ᠳᠡᠯᠡᠬᠡᠢ ᠨᠡᠶᠢᠭᠡᠮ ᠤᠨ ᠬᠢᠨ ᠤ ᠣᠳᠣᠬᠢᠴᠢᠯᠠᠯᠲᠠ ᠶᠢᠨ ᠵᠠᠮ ᠢᠶᠠᠷ ᠭᠠᠷ | ᠬᠤᠯᠪᠣᠯᠴᠠᠨ ᠬᠠᠮᠲᠤ ᠪᠠᠷ ᠤᠷᠤᠭᠰᠢᠯᠠᠬᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ | ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠬᠠᠮᠲᠤ ᠶᠢᠨ ᠲᠠᠨᠢᠯᠲᠠ ᠶᠢ | ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | |