ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ | ᠤᠷᠤᠭᠰᠠᠨ ᠠᠴᠠ ᠨᠠᠰᠢ᠂ ᠯᠢᠦ ᠬᠣ᠋ ᠪᠠᠯᠭᠠᠰᠤ ᠶᠢᠨ ᠣᠶ ᠰᠢᠭᠤᠶ ᠶᠢᠨ ᠥᠷᠲᠡᠭᠡ ᠨᠢ ᠭᠠᠯ ᠰᠡᠷᠭᠡᠶᠢᠯᠡᠬᠦ ᠪᠠᠶᠢᠳᠠᠯ | ᠤᠨ ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠣᠨᠴᠠᠯᠢᠭ ᠲᠤ ᠰᠠᠭᠤᠷᠢᠯᠠᠨ᠂ ᠭᠠᠯ ᠰᠡᠷᠭᠡᠶᠢᠯᠡᠵᠦ ᠣᠶ ᠰᠢᠭᠤᠶ ᠶᠢ | ᠬᠠᠮᠠᠭᠠᠯᠠᠬᠤ ︽ᠭᠤᠷᠪᠠᠨ ᠬᠤᠷᠳᠤᠨ ᠠᠵᠢᠯᠯᠠᠬᠤ ᠠᠷᠭ᠎ᠠ︾ ᠶᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ︽ᠬᠥᠮᠦᠨ | ᠢᠶᠠᠷ ᠰᠡᠷᠭᠡᠶᠢᠯᠡᠬᠦ + ᠪᠣᠳᠠᠰ ᠢᠶᠠᠷ ᠰᠡᠷᠭᠡᠶᠢᠯᠡᠬᠦ + ᠣᠯᠠᠨ ᠢᠶᠠᠷ ᠢᠶᠠᠨ ᠰᠡᠷᠭᠡᠶᠢᠯᠡᠬᠦ︾ ᠪᠣᠰᠤᠭ᠎ᠠ ᠴᠣᠭᠴᠠᠲᠤ ᠭᠠᠯ | ᠰᠡᠷᠭᠡᠶᠢᠯᠡᠬᠦ ᠰᠢᠰᠲ᠋ᠧᠮᠵᠢ ᠶᠢ ᠴᠣᠭᠴᠠᠯᠠᠨ ᠪᠠᠶᠢᠭᠤᠯᠪᠠ᠃ | | ︽ᠬᠥᠯ ᠬᠥᠩᠭᠡᠨ︾ ᠢᠶᠠᠷ ᠭᠠᠯ ᠰᠡᠷᠭᠡᠶᠢᠯᠡᠬᠦ ᠬᠠᠯᠬᠠᠪᠴᠢ ᠶᠢ ᠪᠠᠲᠤ ᠴᠣᠭᠴᠠᠯᠠᠨ᠎ᠠ᠃ ᠣᠶ ᠰᠢᠭᠤᠶ ᠶᠢᠨ | ᠥᠷᠲᠡᠭᠡ ᠨᠢ ︽ᠭᠤᠷᠪᠠᠨ ᠲᠣᠭᠤᠷᠢᠨ ᠪᠠᠶᠢᠴᠠᠭᠠᠯᠲᠠ︾ ᠶᠢᠨ ᠱᠤᠭᠤᠮ ᠤᠨ ᠵᠢᠷᠤᠭ ᠢ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠲᠣᠰᠬᠤᠨ ᠢᠶᠠᠷ ᠨᠢᠭᠡᠴᠢ ᠪᠣᠯᠭᠠᠨ ᠬᠠᠷᠢᠶᠠᠲᠤ ᠣᠷᠣᠨ ᠤ ᠬᠡᠪᠴᠢᠶᠡᠨ ᠳᠠᠬᠢ ᠰᠢᠭᠤᠶᠢᠲᠤ ᠣᠷᠣᠨ ᠳᠤ | ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠡᠭᠦᠨ ᠤ ᠰᠠᠭᠤᠷᠢᠨ ᠳᠡᠭᠡᠷ᠎ᠡ᠂ 238 ᠨᠡᠷᠡᠰ ᠣᠶ ᠰᠢᠭᠤᠶ | ᠬᠠᠮᠠᠭᠠᠯᠠᠭᠴᠢ ᠶᠢ ᠵᠣᠬᠢᠶᠠᠨ ᠪᠠᠶᠢᠭᠤᠯᠤᠨ ᠡᠳᠦᠷ ᠪᠦᠷᠢ ︽ᠠᠭᠤᠯᠠ ᠪᠠᠷ ᠲᠣᠭᠤᠷᠢᠨ ᠪᠠᠶᠢᠴᠠᠭᠠᠬᠤ + ᠣᠶ ᠪᠠᠷ | ᠲᠣᠭᠤᠷᠢᠨ ᠪᠠᠶᠢᠴᠠᠭᠠᠬᠤ + ᠵᠠᠮ ᠴᠠᠭᠳᠠᠬᠤ︾ ᠠᠵᠢᠯᠯᠠᠭ᠎ᠠ ᠥᠷᠨᠢᠭᠦᠯᠵᠦ᠂ ᠲᠣᠭᠤᠷᠢᠨ ᠬᠠᠮᠠᠭᠠᠯᠠᠬᠤ ᠲᠡᠷᠭᠡᠨ ᠳᠤ | ᠭᠠᠯ ᠰᠡᠷᠭᠡᠶᠢᠯᠡᠬᠦ ᠲᠤᠭ᠂ ᠭᠠᠯ ᠤᠨᠲᠠᠷᠠᠭᠠᠬᠤ ᠪᠠᠭᠠᠵᠢ᠂ ᠭᠠᠯ ᠤᠨᠲᠠᠷᠠᠭᠠᠬᠤ ᠲᠠᠰᠢᠭᠤᠷ ᠵᠡᠷᠭᠡ ᠭᠠᠯ ᠰᠡᠷᠭᠡᠶᠢᠯᠡᠬᠦ | ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢ ᠲᠣᠬᠢᠷᠠᠭᠤᠯᠵᠤ᠂ ᠡᠷᠲᠡ ᠬᠤᠷᠢᠭᠯᠠᠬᠤ᠂ ᠪᠠᠭ᠎ᠠ ᠳᠡᠭᠡᠷ᠎ᠡ ᠨᠢ | ᠬᠤᠷᠢᠭᠯᠠᠬᠤ᠂ ᠦᠭᠡᠢ ᠪᠠᠶᠢᠬᠤ ᠶᠢ ᠪᠡᠶᠡᠯᠡᠭᠦᠯᠵᠦ᠂ ᠭᠠᠯ ᠲᠦᠢᠮᠡᠷ ᠤᠨ ᠪᠠᠶᠢᠳᠠᠯ ᠢ ᠴᠤᠬᠤᠶᠢᠵᠤ ᠪᠠᠶᠢᠬᠤ ᠳᠤᠨᠢ ᠴᠠᠭ | ᠲᠤᠬᠠᠶ ᠳᠤᠨᠢ ᠤᠰᠠᠳᠬᠠᠬᠤ ᠬᠡᠷᠡᠭᠲᠡᠶ᠃ ᠬᠠᠩᠰᠢ ᠶᠢᠨ ᠡᠳᠦᠷ ᠤᠨ ᠲᠠᠬᠢᠯᠭ᠎ᠠ᠂ ᠬᠠᠪᠤᠷ ᠤᠨ ᠲᠠᠷᠢᠶᠠᠯᠠᠭ᠎ᠠ ᠶᠢᠨ | ᠦᠶᠯᠡᠳᠪᠦᠷᠢᠯᠡᠯ ᠵᠡᠷᠭᠡ ᠭᠤᠤᠯᠳᠠᠯᠭ᠎ᠠ ᠲᠠᠢ ᠴᠠᠭ ᠬᠤᠭᠤᠴᠠᠭᠠᠨ ᠤ ᠨᠢᠭᠲᠠᠯᠠᠭᠰᠠᠨ ᠲᠣᠭᠤᠷᠢᠨ ᠬᠠᠮᠠᠭᠠᠯᠠᠬᠤ | ᠳᠠᠪᠲᠠᠮᠵᠢ ᠤᠳᠠᠭ᠎ᠠ ᠳᠤ ᠴᠢᠭᠯᠡᠭᠦᠯᠦᠨ᠂ ᠨᠣᠴᠣᠮᠠᠲᠠᠭᠠᠶ ᠪᠣᠳᠠᠰ ᠤᠨ ᠳᠠᠯᠳᠠ ᠬᠡᠮ ᠤᠨ ᠲᠦᠭᠰᠢᠭᠦᠷᠢ ᠶᠢᠨ ᠴᠡᠭ ᠢ | ᠨᠡᠶᠢᠲᠡ 28 ᠪᠠᠶᠢᠴᠠᠭᠠᠨ ᠴᠡᠭᠴᠡᠯᠡᠪᠡ᠃ | | ︽ᠨᠢᠳᠤ ᠬᠤᠷᠳᠤᠨ︾ ᠪᠠᠷ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠠᠭᠠᠵᠢ | ᠬᠡᠷᠡᠭᠰᠡᠯ ᠢ ᠪᠠᠶᠢᠴᠠᠭᠠᠨ ᠵᠠᠰᠠᠬᠤ ᠶᠢ ᠴᠢᠩᠭ᠎ᠠ ᠠᠩᠬᠠᠷᠴᠤ᠂ ᠪᠤᠢ ᠪᠦᠬᠦᠢ ᠲᠥᠬᠦᠭᠡᠷᠦᠮᠵᠢ ᠶᠢ ᠴᠠᠭ ᠢᠮᠠᠭᠲᠠ ᠲᠠᠶᠢᠨ | ᠳᠤ ᠪᠡᠯᠡᠳᠬᠡᠬᠦ ᠪᠠᠶᠢᠳᠠᠯ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠶ᠃ ᠮᠠᠰᠢᠨ᠂ ᠬᠥᠭᠡᠷᠭᠡ᠂ ᠬᠤᠭᠤᠯᠠᠶ ᠵᠡᠷᠭᠡ ᠡᠯ᠎ᠡ | ᠲᠥᠷᠥᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠪᠦᠬᠦ ᠲᠠᠯ᠎ᠠ ᠪᠠᠷ ᠪᠠᠶᠢᠴᠠᠭᠠᠨ ᠵᠠᠰᠠᠵᠤ᠂ ᠭᠠᠯ ᠤᠨᠲᠠᠷᠠᠭᠠᠭᠤᠷ | ᠢ ᠬᠠᠮᠤᠭ ᠤᠨ ᠰᠠᠶᠢᠨ ᠪᠠᠶᠢᠳᠠᠯ ᠳᠤ ᠲᠣᠬᠢᠷᠠᠭᠤᠯᠤᠨ ᠲᠤᠷᠰᠢᠵᠤ᠂ ᠵᠠᠩᠭᠢᠯᠠᠭ᠎ᠠ ᠶᠢᠨ ᠴᠠᠭ ᠮᠥᠴᠡ ᠳᠤ ᠦᠢᠯᠡᠳᠦᠯ | ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠠᠭᠤᠯᠠᠨ ᠳᠡᠭᠡᠷ᠎ᠡ ᠠᠴᠠ ᠪᠠᠷᠠᠯᠠᠬᠤ + ᠠᠭᠤᠯᠠᠨ | ᠳᠤᠮᠳᠠ ᠴᠠᠭᠳᠠᠨ ᠪᠠᠶᠢᠴᠠᠭᠠᠬᠤ + ᠠᠭᠤᠯᠠᠨ ᠳᠤᠮᠳᠠ ᠵᠢᠵᠢᠭᠦᠷᠯᠡᠨ ᠰᠠᠬᠢᠬᠤ︾ ᠶᠢ ᠴᠢᠩᠭᠠᠳᠬᠠᠵᠤ᠂ ᠲᠣᠰᠬᠤᠨ ᠤ | ᠠᠭᠤᠯᠵᠠᠷ᠂ ᠵᠠᠮ ᠤᠨ ᠠᠭᠤᠯᠵᠠᠷ᠂ ᠪᠤᠯᠠᠰᠢᠨ ᠤᠩᠭᠤᠨ ᠢ ᠦᠨᠡᠨ ᠬᠦ ᠰᠠᠬᠢᠵᠤ᠂ ᠬᠡᠮ ᠰᠣᠭᠤᠭ ᠢ ᠴᠠᠭ ᠲᠤᠬᠠᠢ | ᠳᠤᠨᠢ ᠢᠯᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | | ︽ᠠᠮᠠ ᠬᠤᠷᠳᠤᠨ︾ ᠪᠠᠷ ᠣᠯᠠᠨ ᠢᠶᠠᠷ ᠢᠶᠠᠨ ᠰᠡᠷᠭᠡᠶᠢᠯᠡᠬᠦ ᠬᠠᠮᠲᠤᠷᠠᠯ ᠬᠦᠴᠦᠨ ᠢ ᠨᠢᠭᠲᠠᠷᠠᠭᠤᠯᠤᠨ᠎ᠠ᠃ ᠣᠶ | ᠰᠢᠭᠤᠶ ᠶᠢᠨ ᠥᠷᠲᠡᠭᠡ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ᠂ ᠥᠷᠲᠡᠭᠡ ᠲᠠᠢ | ᠬᠤᠯᠪᠣᠭᠠᠯᠠᠨ᠂ 《 ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ 》 ᠤᠬᠠᠭᠤᠯᠭ᠎ᠠ ᠶᠢᠨ ᠵᠢᠭᠰᠠᠭᠠᠯ ᠤᠨ | ᠭᠠᠵᠠᠷ ᠢ ᠪᠠᠶᠢᠭᠤᠯᠵᠤ᠂ 106 ᠵᠤᠷᠪᠤᠰ ᠭᠠᠯ ᠰᠡᠷᠭᠡᠶᠢᠯᠡᠬᠦ ᠪᠢᠴᠢᠭᠡᠰᠦ ᠡᠯᠭᠦᠨ᠂ 3000 ᠭᠠᠷᠤᠶ ᠬᠤᠪᠢ | ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠲᠣᠰᠬᠤᠨ ᠤ ᠲᠠᠰ ᠤᠨ ᠲᠣᠮᠣ ᠪᠦᠷᠢᠶ᠎ᠡ ᠪᠠᠷ ᠳᠠᠮᠵᠢᠭᠤᠯᠤᠨ ᠭᠠᠯ | ᠰᠡᠷᠭᠡᠶᠢᠯᠡᠬᠦ ᠶᠢ ᠨᠡᠪᠲᠡᠷᠡᠭᠦᠯᠬᠦ ᠳᠤ ᠵᠠᠪᠠᠯ ᠮᠡᠳᠡᠬᠦ ᠵᠦᠶᠯ ᠢ ᠨᠡᠪᠲᠡᠷᠡᠭᠦᠯᠵᠦ᠂ 11 ᠬᠤᠪᠢ ᠡᠯᠧᠺᠲᠷᠣᠨ ᠤᠬᠠᠭᠤᠯᠭ᠎ᠠ | ᠶᠢᠨ ᠵᠠᠷᠯᠠᠯ ᠵᠣᠬᠢᠶᠠᠵᠤ᠂ 34 ᠲᠣᠰᠬᠤᠨ᠂ 1 ᠨᠡᠶᠢᠭᠡᠮ ᠲᠣᠭᠤᠷᠢᠭ ᠤᠨ ︽ᠨᠠᠮ ᠪᠠ ᠣᠯᠠᠨ ᠲᠦᠮᠡᠨ ᠰᠡᠳᠬᠢᠯ | ᠵᠢᠷᠦᠬᠡ ᠪᠠᠨ ᠬᠤᠯᠪᠤᠬᠤ︾ ᠸᠢᠴᠠᠲ ᠤᠨ ᠬᠤᠯᠪᠣᠭ᠎ᠠ ᠵᠠᠯᠭᠠᠭ᠎ᠠ ᠪᠠᠷ ᠬᠦᠷᠭᠡᠪᠡ᠃ ᠡᠭᠦᠨ ᠤ ᠬᠠᠮᠲᠤ᠂ ᠲᠣᠰᠬᠤᠨ ᠤ | ︽ᠬᠤᠶᠠᠷ ᠵᠥᠪᠯᠡᠯ︾ ᠪᠣᠯᠤᠨ ᠰᠠᠶᠢᠨ ᠳᠤᠷ᠎ᠠ ᠶᠢᠨ ᠠᠵᠢᠯᠯᠠᠭᠰᠠᠳ ᠢᠶᠠᠷ ᠪᠦᠷᠢᠯᠳᠦᠭᠰᠡᠨ ᠭᠠᠯ ᠰᠡᠷᠭᠡᠶᠢᠯᠡᠬᠦ | ᠤᠬᠠᠭᠤᠯᠤᠨ ᠲᠠᠶᠢᠯᠪᠤᠷᠢᠯᠠᠬᠤ ᠠᠩᠭᠢ ᠶᠢ ᠵᠣᠬᠢᠶᠠᠨ ᠪᠠᠶᠢᠭᠤᠯᠵᠤ᠂ ︽ᠲᠠᠶᠢᠯᠤᠮᠵᠢ ᠬᠢᠬᠦ + ᠡᠷᠦᠬᠡ ᠳᠤ ᠤᠷᠤᠬᠤ︾ | ᠶᠢ ᠬᠠᠷᠢᠯᠴᠠᠨ ᠤᠶᠠᠯᠳᠤᠭᠤᠯᠤᠭᠰᠠᠨ ᠭᠠᠯ ᠰᠡᠷᠭᠡᠶᠢᠯᠡᠬᠦ ᠤᠬᠠᠭᠤᠯᠭ᠎ᠠ ᠶᠢ ᠥᠷᠨᠢᠭᠦᠯᠵᠦ᠂ ᠭᠠᠯ ᠰᠡᠷᠭᠡᠶᠢᠯᠡᠬᠦ ᠦᠵᠡᠯ | ᠤᠬᠠᠮᠰᠠᠷ ᠢ ᠲᠠᠷᠢᠬᠢᠨ ᠳᠤᠨᠢ ᠬᠠᠳᠠᠩᠰᠢᠭᠤᠯᠵᠤ᠂ ᠬᠡᠷᠪᠡ ᠬᠡᠪ ᠤᠨ ᠪᠤᠰᠤ ᠪᠠᠶᠢᠳᠠᠯ ᠪᠠᠶᠢᠬᠤ ᠶᠢ ᠣᠯᠵᠤ ᠮᠡᠳᠡᠪᠡᠯ | ᠳᠠᠷᠤᠶᠢᠬᠠᠨ ᠳᠡᠭᠡᠭᠰᠢ ᠮᠡᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ |