2024 ᠣᠨ ᠤ ᠬᠥᠯ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ U 12 - U 13 | ᠡᠮᠡᠭᠲᠡᠶ ᠶᠢᠨ ᠳᠤᠭᠤᠶᠢᠯᠠᠩ 2025 ᠣᠨ ᠤ 3 ᠳ᠋ᠤᠭᠠᠷ ᠰᠠᠷ᠎ᠠ ᠶᠢᠨ 29 ᠤ ᠡᠳᠦᠷ ᠠᠴᠠ 2025 ᠣᠨ ᠤ 4 | ᠳ᠋ᠦ᠋ᠭᠡᠷ ᠰᠠᠷ᠎ᠠ ᠶᠢᠨ 2 ᠤᠨ ᠡᠳᠦᠷ ᠥᠪᠥᠷ ᠮᠣᠩᠭᠤᠯ ᠤᠨ ᠬᠥᠬᠡᠬᠤᠲᠠ ᠶᠢᠨ ᠥᠪᠥᠷ ᠮᠣᠩᠭᠤᠯ ᠤᠨ ᠪᠠᠭᠰᠢ ᠶᠢᠨ | ᠶᠡᠭᠡ ᠰᠤᠷᠭᠠᠭᠤᠯᠢ ᠶᠢᠨ ᠬᠤᠷᠢᠨᠭᠡᠷ ᠬᠥᠯ ᠪᠥᠮᠪᠦᠭᠡ ᠶᠢᠨ ᠳᠡᠭᠡᠳᠦ ᠰᠤᠷᠭᠠᠭᠤᠯᠢ ᠳᠤ ᠶᠠᠪᠤᠭᠳᠠᠪᠠ᠃ ᠲᠣᠰ ᠤᠳᠠᠭᠠᠨ | ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ | ᠠᠴᠠ ᠭᠤᠤᠯᠯᠠᠨ ᠡᠷᠭᠢᠯᠡᠵᠦ᠂ ᠪᠡᠭᠡᠵᠢᠩ ᠤᠨ ᠯᠠᠨ ᠤᠣ ᠶᠤᠸᠠᠢ ᠳ᠋ᠦᠩ ᠪᠡᠶ᠎ᠡ ᠶᠢᠨ ᠲᠠᠮᠢᠷ ᠤᠨ ᠰᠣᠶᠣᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠬᠥᠯ | ᠪᠥᠮᠪᠦᠭᠡ ᠶᠢᠨ ᠨᠡᠶᠢᠭᠡᠮᠯᠢᠭ ᠠᠴᠠ ᠵᠢᠭᠠᠨ ᠵᠢᠯᠣᠭᠤᠳᠴᠤ᠂ ᠲᠣᠰ ᠤᠳᠠᠭᠠᠨ ᠤ ᠤᠷᠤᠯᠳᠤᠭᠠᠨ ᠳᠤ ᠨᠡᠶᠢᠲᠡ 6 | ᠠᠶᠢᠮᠠᠭ ᠬᠤᠲᠠ ︵ᠬᠢᠩᠭᠠᠨ ᠠᠶᠢᠮᠠᠭ᠂ ᠤᠯᠠᠭᠠᠨᠬᠠᠳᠠ᠂ ᠤᠯᠠᠭᠠᠨᠴᠠᠪ᠂ ᠬᠥᠬᠡᠬᠤᠲᠠ᠂ ᠲᠦᠩᠯᠢᠶᠣᠤ᠂ ᠣᠷᠳᠣᠰ︶ | ᠣᠷᠣᠯᠴᠠᠪᠠ᠃ | | ᠲᠦᠴᠢᠦᠸᠠᠨ ᠰᠢᠶᠠᠨ ᠤ ᠪᠠᠭᠠᠴᠤᠳ ᠬᠡᠦᠬᠡᠳ ᠤᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ 21ᠬᠦᠮᠦᠨ | ᠵᠠᠯᠠᠶᠢᠳ ᠬᠤᠰᠢᠭᠤᠨ ᠤ 2 ᠬᠥᠮᠦᠨ ᠢᠶᠠᠷ ᠪᠦᠷᠢᠯᠳᠦᠭᠰᠡᠨ ᠤᠷᠤᠯᠳᠤᠭᠠᠨ ᠳᠤ ᠣᠷᠣᠯᠴᠠᠬᠤ ᠡᠩᠨᠡᠭᠡ ᠨᠢ ᠬᠢᠩᠭᠠᠨ | ᠠᠶᠢᠮᠠᠭ ᠢ ᠲᠥᠯᠥᠭᠡᠯᠡᠨ ᠲᠤᠰ ᠤᠳᠠᠭᠠᠨ ᠤ ᠤᠷᠤᠯᠳᠤᠭᠠᠨ ᠳᠤ ᠣᠷᠣᠯᠴᠠᠪᠠ᠃ ᠲᠦᠴᠢᠦᠸᠠᠨ ᠰᠢᠶᠠᠨ ᠤ | ᠪᠠᠭᠠᠴᠤᠳ ᠤᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠵᠠᠬᠢᠷᠤᠯ ᠯᠢᠦ ᠱᠤ᠋ ᠾᠧ ᠳᠠᠭᠠᠭᠤᠯᠤᠭᠴᠢ ᠪᠣᠯᠵᠣ᠂ 5 | ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠬᠥᠯ ᠪᠥᠮᠪᠦᠭᠡ ᠶᠢᠨ 3 ᠰᠤᠷᠭᠠᠭᠴᠢ ᠶᠢᠨ ᠮᠡᠷᠭᠡᠵᠢᠯ ᠤᠨ | ᠵᠢᠯᠣᠭᠤᠳᠣᠯᠭ᠎ᠠ᠂ ᠲᠠᠯᠠᠪᠠᠶ ᠳᠡᠭᠡᠷᠡᠬᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠨᠣᠭᠤᠭᠠᠨ ᠵᠦᠯᠭᠡᠨ | ᠳᠡᠭᠡᠷᠡᠬᠢ ᠲᠠᠮᠢᠷᠴᠢᠳ ᠬᠥᠯᠥᠰᠥ ᠪᠠᠨ ᠤᠷᠤᠰᠬᠠᠨ᠂ ᠴᠢᠷᠮᠠᠶᠢᠨ ᠲᠡᠮᠡᠴᠡᠵᠦ᠂ ᠢᠳᠡᠪᠬᠢᠲᠡᠶ ᠬᠠᠮᠵᠢᠯᠴᠠᠨ 2026 | ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 16 ᠳ᠋ᠤᠭᠠᠷ ᠬᠤᠭᠤᠴᠠᠭᠠᠨ ᠤ ᠪᠡᠶ᠎ᠡ ᠶᠢᠨ ᠲᠠᠮᠢᠷ | ᠤᠨ ᠴᠤᠭᠯᠠᠭᠠᠨ ᠳᠤ ᠣᠷᠣᠯᠴᠠᠬᠤ ᠬᠢᠷᠢ ᠬᠡᠮ ᠢ ᠣᠯᠵᠠᠶ᠃ ᠨᠠᠩ ᠴᠤ ᠳᠠᠰᠬᠠᠯᠵᠢᠭᠤᠯᠤᠭᠴᠢ ᠵᠢᠴᠢ ᠲᠠᠮᠢᠷᠴᠢᠳ ᠤᠨ | ᠡᠳᠦᠷ ᠰᠥᠨᠢ ᠦᠭᠡᠢ ᠡᠷᠡᠯᠬᠡᠭᠯᠡᠨ ᠲᠡᠮᠡᠴᠡᠭᠰᠡᠨ ᠭᠡᠷᠡᠴᠢ ᠮᠥᠨ᠃ | | | | | | ᠮᠠᠨ ᠤ ᠰᠢᠶᠠᠨ ᠤ ᠬᠥᠯ ᠪᠥᠮᠪᠦᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠪᠢᠳᠡ ᠨᠠᠩ | ᠢᠯᠡᠭᠦᠦ ᠴᠢᠷᠮᠠᠶᠢᠨ ᠲᠡᠮᠡᠴᠡᠵᠦ᠂ ᠨᠠᠩ ᠰᠢᠯᠢᠳᠡᠭ ᠬᠢᠷᠢ ᠪᠦᠲᠦᠮᠵᠢ ᠣᠯᠬᠤ ᠪᠠᠷ ᠴᠢᠷᠮᠠᠶᠢᠨ᠎ᠠ᠃ | |