ᠭᠡᠷᠡᠯ ᠵᠢᠷᠤᠭ ᠤᠨ ᠬᠢᠴᠢᠶᠡᠯ ᠤᠨ ᠲᠠᠩᠬᠢᠮ ᠠᠵᠢᠯᠲᠠᠨ ᠠᠵᠢᠯᠴᠢᠨ ᠤ ᠤᠬᠠᠭᠤᠯᠬᠤ ᠡᠩᠨᠡᠭᠡ ᠶᠢᠨ ᠴᠢᠳᠠᠪᠤᠷᠢ ᠶᠢ ᠳᠠᠬᠢᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/4/9
   ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠺᠠᠳ᠋ᠷ ᠤᠨ ᠬᠡᠷᠡᠯ ᠵᠢᠷᠤᠭ ᠠᠪᠬᠤ ᠤᠷ᠎ᠠ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠵᠢᠷᠤᠭ ᠳᠦᠷᠰᠦ ᠪᠠᠷ ᠠᠵᠢᠯ ᠤᠨ ᠵᠢᠵᠢᠭ ᠰᠠᠵᠢᠭ ᠵᠦᠶᠯ ᠢ ᠲᠡᠮᠳᠡᠭᠯᠡᠵᠦ᠂ ᠠᠷᠠᠳᠴᠢᠯᠠᠯ ᠤᠨ ᠪᠠᠶᠢᠭᠠᠯᠢ ᠶᠢᠨ ᠥᠩᠭᠡ ᠦᠵᠡᠮᠵᠢ᠂ ᠠᠵᠤ ᠦᠶᠯᠡᠰ ᠤᠨ ᠣᠨᠴᠠᠯᠢᠭ᠂ ᠣᠷᠣᠨ ᠨᠤᠲᠤᠭ ᠤᠨ ᠰᠣᠶᠣᠯ ᠢᠷᠭᠡᠨᠰᠢᠯ ᠢ ᠤᠬᠠᠭᠤᠯᠵᠤ᠂ ᠠᠷᠠᠳᠴᠢᠯᠠᠯ ᠤᠨ ᠰᠢᠨ᠎ᠡ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠬᠦ ᠶᠢᠨ ᠲᠥᠯᠥᠭᠡ᠃ ᠣᠶᠢᠷ᠎ᠠ ᠳᠤ᠂ ᠲᠦᠴᠢᠦᠸᠠᠨ ᠰᠢᠶᠠᠨ ᠤ ᠰᠣᠶᠣᠯ ᠤᠨ ᠣᠷᠳᠣᠨ ᠲᠦᠴᠢᠦᠸᠠᠨ ᠰᠢᠶᠠᠨ ᠤ ᠲᠦᠷᠦᠯᠵᠢ ᠪᠠᠯᠭᠠᠰᠤᠨ ᠳᠤ ᠬᠦᠷᠴᠦ᠂ ︽ᠲᠠᠷᠢᠶᠠᠴᠢᠳ ᠤᠨ ᠵᠢᠷᠤᠭ ᠲᠠᠬᠢ ᠭᠤᠶᠣ ᠰᠠᠶᠢᠬᠠᠨ ᠲᠦᠴᠢᠦᠸᠠᠨ︾ ᠬᠡᠷᠡᠯ ᠵᠢᠷᠤᠭ ᠤᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃ ᠰᠢᠶᠠᠩ ᠪᠠᠯᠭᠠᠰᠤᠨ ᠤ ᠺᠠᠳ᠋ᠷ᠂ ᠭᠡᠷᠡᠯ ᠵᠢᠷᠤᠭ ᠤᠨ ᠪᠠᠭ᠋ᠠᠳᠠᠳ ᠨᠡᠶᠢᠳᠡ 40 ᠭᠠᠷᠤᠢ ᠬᠥᠮᠦᠨ ᠠᠵᠢᠯᠯᠠᠭ᠎ᠠ ᠳᠤ ᠣᠷᠣᠯᠴᠠᠪᠠ᠃
   ᠬᠢᠴᠢᠶᠡᠯᠯᠡᠭᠡ ᠶᠢᠨ ᠯᠧᠺᠲ᠋ᠣᠷ ᠡᠯᠪᠡᠭ ᠪᠠᠶᠠᠯᠢᠭ ᠬᠡᠷᠡᠯ ᠵᠢᠷᠤᠭ ᠤᠨ ᠲᠤᠷᠰᠢᠯᠭ᠎ᠠ ᠪᠠ ᠥᠪᠡᠷᠮᠢᠴᠡ ᠤᠷᠠᠯᠢᠭ ᠤᠨ ᠬᠠᠷᠠᠭᠠᠰᠤ ᠠᠴᠠ ᠶᠡᠭᠡ ᠬᠡᠮᠵᠢᠶᠡᠨ ᠤ ᠬᠡᠷᠡᠭ ᠤᠨ ᠵᠢᠱᠢᠶ᠎ᠡ ᠶᠢ ᠵᠠᠳᠠᠯᠤᠨ᠂ ᠶᠡᠭᠡ ᠬᠡᠮᠵᠢᠶᠡᠨ ᠤ ᠰᠢᠯᠢᠳᠡᠭ ᠬᠡᠷᠡᠯ ᠵᠢᠷᠤᠭ ᠢᠶᠠᠷ ᠢᠯᠡᠷᠡᠭᠦᠯᠵᠦ᠂ ᠥᠪᠡᠷ ᠤᠨ ᠰᠡᠭᠦᠳᠡᠷᠯᠡᠭᠰᠡᠨ ᠣᠯᠤᠯᠲᠠ ᠲᠥᠷᠥᠭᠳᠡᠯ ᠢᠶᠠᠨ ᠬᠤᠪᠢᠶᠠᠯᠴᠠᠬᠤ ᠪᠠᠷ ᠳᠡᠮᠵᠢᠨ᠂ ᠣᠯᠠᠨ ᠳᠤ ᠨᠢᠭᠡ ᠤᠳᠠᠭᠠᠨ ᠤ ᠭᠤᠶᠢᠳᠠ ᠰᠠᠶᠢᠬᠠᠨ ᠬᠡᠷᠡᠯ ᠵᠢᠷᠤᠭ ᠤᠨ ᠮᠡᠳᠡᠯᠭᠡ ᠶᠢᠨ ᠲᠠᠶᠢᠯᠤᠮᠵᠢ ᠬᠢᠪᠠ ᠃ ᠭᠡᠷᠡᠯ ᠵᠢᠷᠤᠭ ᠤᠨ ᠮᠠᠰᠢᠨ ᠤ ᠦᠨᠳᠦᠰᠦᠨ ᠠᠵᠢᠯᠯᠠᠭ᠎ᠠ ᠠᠴᠠ ᠭᠡᠷᠡᠯ ᠱᠤᠭᠤᠮ ᠤᠨ ᠬᠡᠷᠡᠭᠯᠡᠯᠲᠡ᠂ ᠵᠢᠷᠤᠭ ᠪᠦᠲᠦᠭᠡᠬᠦ ᠤᠷ᠎ᠠ ᠮᠡᠷᠭᠡᠵᠢᠯ ᠬᠦᠷᠲᠡᠯ᠎ᠡ᠂ ᠲᠠᠬᠢᠭᠠᠳ ᠰᠡᠭᠦᠯᠴᠢ ᠶᠢᠨ ᠬᠤᠭᠤᠴᠠᠭᠠᠨ ᠤ ᠵᠥᠭᠡᠯᠡᠨ ᠲᠤᠨᠤᠭ ᠤᠨ ᠬᠡᠷᠡᠭᠯᠡᠯᠲᠡ ᠬᠦᠷᠲᠡᠯ᠎ᠡ ᠬᠦᠯᠢᠴᠡᠩᠭᠦᠢ ᠨᠢᠮᠪᠠᠢ ᠲᠠᠶᠢᠯᠪᠤᠷᠢᠯᠠᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠰᠠᠭᠤᠭᠠᠯᠢ ᠠᠷᠠᠳ ᠨᠢᠭᠡᠪᠦᠷᠢ ᠳᠤ ᠮᠠᠰᠢ ᠶᠡᠭᠡ ᠠᠰᠢᠭ ᠬᠦᠷᠲᠡᠭᠡᠪᠡ᠃
   ᠲᠣᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠨᠢ ᠰᠤᠷᠤᠭᠴᠢᠳ ᠤᠨ ᠬᠠᠯᠠᠭᠤᠨ ᠤᠭᠲᠤᠯᠭ᠎ᠠ ᠪᠠ ᠳᠡᠭᠡᠳᠦ ᠬᠡᠮᠵᠢᠶᠡᠨ ᠤ ᠦᠨᠡᠯᠡᠯᠲᠡ ᠶᠢ ᠣᠯᠵᠤ᠂ ᠣᠯᠠᠨ ᠢᠶᠠᠷ ᠢᠶᠠᠨ ᠮᠠᠰᠢ ᠶᠡᠭᠡ ᠠᠰᠢᠭ ᠭᠥᠷᠳᠡᠭᠰᠡᠨ ᠢᠶᠠᠨ ᠢᠯᠡᠳᠬᠡᠵᠡᠭᠡᠪᠡ᠃ ᠬᠤᠶᠢᠰᠢᠳᠠ᠂ ᠰᠢᠶᠠᠨ ᠤ ᠰᠣᠶᠣᠯ ᠤᠨ ᠣᠷᠳᠣᠨ ᠡᠨᠡ ᠬᠦ ᠲᠥᠷᠥᠯ ᠤᠨ ᠪᠣᠯᠪᠠᠰᠤᠷᠠᠯ ᠤᠨ ᠠᠵᠢᠯᠯᠠᠭ᠎ᠠ ᠶᠢ ᠦᠷᠭᠦᠯᠵᠢᠯᠡᠨ ᠡᠷᠭᠢᠯᠡᠵᠦ᠂ ᠪᠣᠯᠪᠠᠰᠤᠷᠠᠯ ᠳᠤ ᠣᠷᠣᠯᠴᠠᠬᠤ ᠬᠥᠮᠦᠰ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ  ᠶᠢ ᠳᠡᠭᠡᠭᠰᠢᠯᠡᠭᠦᠯᠵᠦ᠂ ᠨᠤᠲᠤᠭ ᠤᠰᠤᠨ ᠤ ᠪᠠᠨ ᠤᠬᠠᠭᠤᠯᠭ᠎ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号