ᠲᠦᠴᠢᠦᠸᠠᠨ ᠰᠢᠶᠠᠨ ᠤ ᠠᠮᠢ ᠠᠬᠤᠶ ᠶᠢᠨ ᠭᠤᠶᠣ ᠰᠠᠶᠢᠬᠠᠨ ᠨᠡᠭᠦᠳᠡᠯ ᠤᠨ ᠰᠢᠪᠠᠭᠤ ᠪᠤᠴᠠᠵᠤ ᠢᠷᠡᠨ᠎ᠡ
ᠨᠡᠶᠢᠲᠡᠯᠡᠭᠰᠡᠨ ᠴᠠᠭ᠄
2025/4/9
   ᠬᠠᠪᠤᠷ ᠰᠠᠭᠠᠲᠠᠵᠤ᠂ ᠲᠦᠮᠡᠨ ᠪᠣᠳᠠᠰ ᠠᠮᠢᠯᠠᠨ᠎ᠠ᠃ ᠣᠶᠢᠷ᠎ᠠ ᠳᠤ᠂ ᠠᠭᠠᠷ ᠤᠨ ᠳᠤᠯᠠᠭᠠᠨ ᠳᠤᠯᠠᠭᠠᠷᠠᠬᠤ ᠶᠢ ᠳᠠᠭᠠᠯᠳᠤᠨ᠂ ᠮᠥᠰᠥ ᠴᠠᠰᠤ ᠠᠭᠠᠵᠢᠮ ᠢᠶᠠᠷ ᠬᠠᠶᠢᠯᠵᠤ᠂ ᠲᠦᠴᠢᠦᠸᠠᠨ ᠰᠢᠶᠠᠨ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤ ᠶᠢ ᠤᠭᠲᠤᠨ ᠠᠪᠴᠢᠷᠠᠵᠤ᠂ ᠬᠠᠮᠲᠤ ᠪᠠᠷ ᠬᠠᠪᠤᠷ ᠤᠨ ᠪᠣᠯᠵᠤᠭ᠎ᠠ ᠪᠠᠨ ᠡᠬᠢᠯᠡᠭᠦᠯᠪᠡ᠃
   4 ᠰᠠᠷ᠎ᠠ ᠶᠢᠨ 7 ᠤ ᠡᠳᠦᠷ᠂ ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤᠨ ᠤ ᠮᠢᠩ ᠰᠢᠩ ᠬᠤ᠋ ᠨᠠᠭᠤᠷ ᠲᠤ ᠬᠡᠳᠦᠨ ᠮᠢᠩᠭᠠᠨ ᠭᠠᠯᠠᠭᠤ᠂ ᠬᠤᠨ ᠭᠠᠯᠠᠭᠤ᠂ ᠨᠤᠭᠤᠰᠤ ᠨᠠᠭᠤᠷ ᠳᠡᠭᠡᠷ᠎ᠡ ᠬᠥᠯ ᠲᠣᠭᠲᠠᠨ ᠠᠮᠢᠳᠤᠷᠠᠵᠤ ᠂ ᠲᠠᠳᠠ ᠬᠠᠶᠠ ᠳᠠᠭᠠᠨ ᠤᠰᠤᠨ ᠳᠤ ᠨᠠᠭᠠᠳᠤᠨ᠂ ᠬᠠᠶᠠ ᠳᠠᠭᠠᠨ ᠵᠢᠭᠦᠷ ᠳᠡᠯᠭᠡᠨ ᠨᠢᠰᠴᠦ᠂ ᠬᠠᠪᠤᠷ ᠤᠨ ᠮᠢᠩ ᠰᠢᠩ ᠨᠠᠭᠤᠷ ᠲᠤ ᠦᠵᠡᠰᠬᠦᠯᠡᠩᠲᠦ ᠰᠠᠶᠢᠬᠠᠨ ᠦᠵᠡᠮᠵᠢ ᠨᠡᠮᠡᠷᠢᠯᠡᠭᠰᠡᠨ ᠪᠠᠶᠢᠨ᠎ᠠ᠃
   ᠣᠶᠢᠷ᠎ᠠ ᠶᠢᠨ ᠵᠢᠯ ᠠᠴᠠ ᠨᠠᠰᠢ᠂ ᠲᠦᠴᠢᠦᠸᠠᠨ ᠰᠢᠶᠠᠨ ᠠᠮᠢ ᠠᠬᠤᠶ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠨᠡᠭᠦᠳᠡᠯ ᠤᠨ ᠰᠢᠪᠠᠭᠤ ᠪᠠ ᠦᠯᠡᠳᠡᠭᠰᠡᠨ ᠰᠢᠪᠠᠭᠤᠨ ᠤ ᠲᠥᠷᠥᠯ ᠵᠦᠶᠯ ᠵᠢᠴᠢ ᠲᠤᠭ᠎ᠠ ᠬᠡᠮᠵᠢᠶ᠎ᠡ ᠢᠯᠡᠳᠲᠡ ᠨᠡᠮᠡᠭᠳᠡᠪᠡ᠃ ᠪᠦᠷᠢᠳᠬᠡᠯ ᠢ ᠦᠨᠳᠦᠰᠦᠯᠡᠪᠡᠯ᠂ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ ᠂ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤ ᠡᠮᠦᠨᠡᠲᠦ ᠣᠷᠣᠨ ᠠᠴᠠ ᠤᠮᠠᠷᠠᠲᠤ ᠣᠷᠣᠨ ᠤ ᠦᠷᠡᠵᠢᠯ ᠤᠨ ᠭᠠᠵᠠᠷ  ᠲᠠᠭᠠᠨ ᠪᠤᠴᠠᠵᠤ᠂ ᠲᠦᠴᠢᠦᠸᠠᠨ ᠰᠢᠶᠠᠨ ᠢ ᠨᠡᠭᠦᠳᠡᠯ ᠤᠨ ︽ᠥᠷᠲᠡᠭᠡ︾ ᠪᠤᠯᠭᠠᠭᠰᠠᠨ ᠨᠡᠭᠦᠳᠡᠯ ᠤᠨ ᠰᠢᠪᠠᠭᠤ ᠪᠠᠷᠤᠭ 40 ᠭᠠᠷᠤᠶ ᠵᠦᠶᠯ ᠪᠣᠯᠵᠠᠶ᠃
   ︽ᠠᠮᠢ ᠠᠬᠤᠢ ᠣᠷᠴᠢᠨ ᠲᠣᠭᠤᠷᠢᠨ ᠶᠠᠪᠤᠬᠤ ᠲᠤᠳᠤᠮ ᠰᠠᠶᠢᠵᠢᠷᠠᠵᠤ᠂ ᠨᠡᠭᠦᠳᠡᠯ ᠤᠨ ᠰᠢᠪᠠᠭᠤᠳ ᠤᠨ ᠨᠡᠭᠦᠳᠡᠯ ᠤᠨ ᠲᠤᠭ᠎ᠠ ᠠᠭᠠᠵᠢᠮ ᠢᠶᠠᠷ ᠨᠡᠮᠡᠭᠳᠡᠵᠦ᠂ ᠵᠢᠯ ᠪᠦᠷᠢ ᠶᠢᠨ ᠨᠡᠭᠦᠳᠡᠯ ᠤᠨ ᠰᠢᠪᠠᠭᠤᠳ ᠤᠨ ᠬᠢᠯᠢ ᠪᠠᠷ ᠥᠩᠭᠡᠷᠡᠬᠦ ᠨᠡᠭᠦᠳᠡᠯ ᠤᠨ ᠲᠤᠭ᠎ᠠ ᠲᠦᠮᠡ ᠭᠠᠷᠤᠢ ᠳᠤ ᠬᠦᠷᠴᠦ ᠪᠠᠶᠢᠨ᠎ᠠ᠃ ᠳᠥᠷᠪᠡᠨ ᠵᠢᠯ ᠤᠨ ᠲᠤᠷᠰᠢ᠂ ᠲᠣᠮᠢᠯᠠᠭᠰᠠᠨ ᠰᠠᠯᠪᠤᠷᠢ ᠠᠴᠠ ᠰᠢᠷᠬᠠᠲᠤᠭᠰᠠᠨ ᠨᠡᠭᠦᠳᠡᠯ ᠤᠨ ᠰᠢᠪᠠᠭᠤ ᠶᠢ ᠨᠡᠶᠢᠲᠡ 30 ᠭᠠᠷᠤᠶ ᠠᠪᠤᠷᠠᠨ ᠲᠤᠰᠠᠯᠠᠪᠠ᠃︾ ᠭᠡᠵᠦ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠡᠭᠦᠨ ᠲᠦᠷᠦᠯᠵᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠮᠠ ᠴᠢᠶᠠᠩ ᠲᠠᠨᠢᠯᠴᠠᠭᠤᠯᠪᠠ᠃
   ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ᠂ ᠣᠷᠣᠰᠢᠨ ᠠᠮᠢᠳᠤᠷᠠᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠬᠠᠩᠭᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠭᠠᠵᠠᠷ ᠤᠨ ᠨᠡᠭᠦᠳᠡᠯ ᠤᠨ ᠰᠢᠪᠠᠭᠤ ᠶᠢᠨ ᠭᠤᠤᠯ ᠨᠡᠭᠦᠳᠡᠯᠯᠡᠬᠦ ᠵᠠᠮ᠂ ᠰᠦᠷᠦᠭᠯᠡᠬᠦ ᠠᠵᠢᠯᠯᠠᠭᠠᠨ ᠤ ᠣᠷᠣᠨ ᠳᠤ ᠪᠠᠶᠢᠩᠭᠤ ᠴᠠᠭᠳᠠᠨ ᠬᠠᠮᠠᠭᠠᠯᠠᠯᠲᠠ ᠬᠢᠵᠦ᠂ ᠲᠡᠷᠭᠡ ᠪᠠᠷ ᠴᠠᠭᠳᠠᠨ ᠪᠠᠶᠢᠴᠠᠭᠠᠬᠤ + ᠶᠠᠪᠠᠭᠠᠨ ᠢᠶᠠᠷ ᠴᠠᠭᠳᠠᠨ ᠪᠠᠶᠢᠴᠠᠭᠠᠬᠤ + ᠵᠢᠯᠣᠭᠤᠴᠢ ᠥᠬᠡᠶ ᠨᠢᠰᠬᠡᠯ ᠢᠶᠠᠷ ᠴᠠᠭᠳᠠᠨ ᠲᠣᠭᠤᠷᠢᠬᠤ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠴᠠᠭᠳᠠᠨ ᠬᠠᠮᠠᠭᠠᠯᠠᠬᠤ ᠰᠢᠰᠲ᠋ᠧᠮ ᠢ ᠨᠢᠭᠡᠨᠲᠡ ᠪᠠᠶᠢᠭᠤᠯᠪᠠ᠃ ᠡᠭᠦᠨ ᠤ ᠬᠠᠮᠲᠤ᠂ ᠪᠠᠰᠠ ᠬᠠᠷᠢᠶ᠎ᠠ ᠣᠷᠣᠨ ᠳᠤ ᠬᠠᠮᠠᠭᠠᠯᠠᠬᠤ ᠤᠬᠠᠭᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠤᠯᠠᠨ ᠲᠦᠮᠡᠨ ᠤ ᠬᠠᠮᠠᠭᠠᠯᠠᠬᠤ ᠤᠬᠠᠮᠰᠠᠷ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃
   ︽ᠨᠡᠭᠦᠳᠡᠯ ᠤᠨ ᠰᠢᠪᠠᠭᠤᠳ ᠪᠤᠴᠠᠵᠤ ᠢᠷᠡᠬᠦ ᠶᠢ ᠳᠠᠭᠠᠯᠳᠤᠨ᠂ ᠵᠡᠭᠦᠨ ᠲᠦᠷᠦᠯᠵᠢ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠡᠳᠦᠷ ᠪᠦᠷᠢ ᠨᠡᠭᠦᠳᠡᠯ ᠤᠨ ᠰᠢᠪᠠᠭᠤᠳ ᠤᠨ ᠣᠷᠣᠰᠢᠨ ᠠᠮᠢᠳᠤᠷᠠᠬᠤ ᠭᠠᠵᠠᠷ ᠲᠤ ᠴᠠᠭᠳᠠᠨ ᠪᠠᠶᠢᠴᠠᠭᠠᠬᠤ ᠶᠢᠨ ᠬᠠᠮᠲᠤ ᠰᠡᠷᠡᠮᠵᠢᠯᠡᠭᠦᠯᠬᠦ ᠮᠡᠳᠡᠭᠳᠡᠯ ᠤᠨ ᠫᠠᠶᠢᠰᠠ ᠭᠠᠷᠭᠠᠵᠤ᠂ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠤᠬᠠᠭᠤᠯᠭ᠎ᠠ ᠶᠢ ᠴᠢᠩᠭᠠᠳᠬᠠᠵᠤ᠂ ᠨᠡᠭᠦᠳᠡᠯ ᠤᠨ ᠰᠢᠪᠠᠭᠤᠳ ᠤᠨ ᠠᠮᠤᠷ ᠲᠦᠪᠰᠢᠨ ᠢᠶᠠᠷ ᠨᠡᠭᠦᠳᠡᠯᠯᠡᠬᠦ ᠪᠠ ᠲᠤᠬᠠᠶ ᠶᠢᠨ ᠭᠠᠵᠠᠷ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠠᠲᠤᠯᠠᠨ᠎ᠠ᠃︾ ᠭᠡᠵᠦ ᠮᠠ ᠴᠢᠶᠠᠩ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号