ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/8
   4 ᠰᠠᠷ᠎ᠠ ᠶᠢᠨ 30 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ 4 ᠰᠠᠷ᠎ᠠ ᠶᠢᠨ 25 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ᠂ 4 ᠰᠠᠷ᠎ᠠ ᠶᠢᠨ 27 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠡᠭᠭᠤ ᠶᠢᠨ ᠬᠤᠷᠠᠯ ᠤᠨ ᠵᠤᠷᠢᠬ ᠰᠠᠨᠠᠭ᠎ᠠ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠭᠡᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠴᠢᠩᠭ᠎ᠠ ᠠᠳᠬᠤᠬᠤ ᠬᠡᠷᠡᠭᠲᠡᠢ᠃ ᠵᠣᠬᠢᠶᠠᠮᠠᠯ ᠣᠶᠤᠨᠴᠢ ᠮᠡᠷᠭᠡᠵᠢᠯ ᠤᠨ ᠬᠡᠷᠡᠭᠯᠡᠭᠡᠨ ᠤ ᠲᠠᠯᠠᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠦᠷᠦᠯ ᠵᠦᠢᠯ ᠢ ᠲᠦᠷᠭᠡᠳᠭᠡᠨ ᠠᠬᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠮᠵᠢ᠂ ᠥᠨᠳᠥᠷ ᠲᠦᠪᠰᠢᠨ ᠪᠦᠬᠦᠢ ᠠᠮᠢ ᠠᠬᠤᠢ ᠶᠢᠨ ᠬᠠᠮᠠᠭᠠᠯᠠᠯᠲᠠ ᠪᠠᠷ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠪᠡ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠤᠤᠶᠠᠩ ᠬᠤᠲᠠ ᠶᠢᠨ ᠪᠠᠶᠢᠲ᠋ᠠ ᠲᠣᠭᠤᠷᠢᠭ ᠤᠨ ᠨᠢᠭᠡᠨ ᠬᠤᠭᠤᠯᠠᠨ ᠭᠡᠷ ᠲᠤ ᠭᠠᠯ ᠤᠨ ᠭᠠᠮᠰᠢᠭ ᠤᠨ ᠠᠳᠡᠯ ᠭᠠᠷᠤᠭᠰᠠᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠠᠮᠤᠷ ᠲᠦᠪᠰᠢᠨ ᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠬᠤᠷᠢᠭ᠎ᠠ ᠱᠤᠭᠤᠮ ᠤᠨ ᠰᠡᠳᠭᠢᠬᠦᠶ ᠶᠢ ᠴᠢᠩᠭᠠᠷᠠᠭᠤᠯᠤᠨ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ︽5.1︾ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠨᠠᠷᠢᠨ ᠨᠢᠮᠪᠠᠶ ᠪᠠᠶᠢᠷᠢᠯᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠥᠯᠥ ᠭᠠᠷᠭᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ ᠭᠡᠵᠡᠢ᠃    ᠬᠤᠷᠠᠯ ᠠᠴᠠ ᠪᠦᠬᠦ ᠠᠶᠢᠮᠠᠭ ᠤᠨ ᠵᠢᠭᠤᠯᠴᠢᠯᠠᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠪᠤᠰᠤᠳ ᠭᠠᠵᠠᠷ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠤᠯᠢᠳᠠᠵᠤ᠂ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠦᠢᠯᠡᠴᠢᠯᠡᠭᠡ ᠶᠢ ᠪᠠᠲᠤᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠵᠢᠭᠤᠯᠴᠢᠯᠠᠯ ᠤᠨ ᠵᠠᠭᠠᠯᠳᠤᠯᠭ᠎ᠠ ᠶᠢ ᠲᠦᠷᠭᠡᠨ ᠳᠠᠭᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯ ᠡᠷᠬᠢᠯᠡᠭᠰᠡᠳ ᠤᠨ ᠪᠣᠯᠪᠠᠰᠤᠷᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ ᠬᠤᠷᠠᠯ ᠠᠴᠠ ᠪᠠᠰᠠ ︽ᠬᠢᠩᠭᠠᠨ ᠠᠶᠢᠮᠠᠭ ᠤᠨ 2025 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ︾᠂  ︽2025 ᠣᠨ ᠤ ᠬᠢᠩᠭᠠᠨ ᠠᠶᠢᠮᠠᠭ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠡᠢ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号