5 ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ | ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠶᠡᠷᠦᠩᠬᠡᠶ ᠵᠢᠵᠢᠭᠦᠷᠯᠡᠬᠦ ᠲᠠᠰᠤᠭ᠂ ᠠᠶᠢᠮᠠᠭ ᠤᠨ ᠨᠠᠮ ᠤᠨ | ᠬᠤᠷᠢᠶ᠎ᠠ ᠠᠶᠢᠮᠠᠭ ᠤᠨ ᠵᠠᠬᠢᠷᠭ᠎ᠠ ᠶᠢᠨ ᠬᠠᠮᠲᠤᠷᠠᠭᠰᠠᠨ ᠰᠤᠷᠪᠤᠯᠵᠢᠯᠠᠭ᠎ᠠ ᠬᠦᠯᠢᠶᠡᠬᠦ ᠲᠥᠪ᠂ ᠠᠶᠢᠮᠠᠭ ᠤᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠢᠭᠤᠴᠠ ᠮᠡᠳᠡᠭᠡᠨ ᠤ ᠵᠢᠯᠣᠭᠤᠳᠬᠤ ᠲᠥᠪ ᠪᠠ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠢᠵᠢᠭᠦᠷᠯᠡᠬᠦ ᠲᠠᠰᠤᠭ ᠤᠨ ︽5 · 1︾ ᠤ ᠠᠮᠠᠷᠠᠯᠲᠠ ᠶᠢᠨ | ᠬᠤᠭᠤᠴᠠᠭᠠᠨ ᠳᠤ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠬᠤ ᠶᠢᠨ ᠬᠠᠮᠲᠤ | ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠵᠢᠵᠢᠭᠦᠷᠯᠡᠭᠴᠢᠳ ᠢ ᠲᠣᠬᠤᠨᠢᠭᠤᠯᠪᠠ᠃ | ᠡᠯ᠎ᠡ ᠵᠢᠵᠢᠭᠦᠷᠯᠡᠬᠦ ᠳᠠᠯᠠᠪᠤᠷ ᠲᠤ᠂ ᠢᠦᠢ ᠵᠢᠢ ᠱᠦᠨ ᠵᠢᠵᠢᠭᠦᠷ ᠤᠨ ᠲᠤᠬᠢᠷᠠᠭᠤᠯᠤᠯᠳᠠ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠶᠠᠪᠤᠴᠠ ᠵᠡᠷᠭᠡ ᠠᠵᠢᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠵᠢᠵᠢᠭᠦᠷ ᠤᠨ | ᠲᠡᠮᠳᠡᠭᠯᠡᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠭᠡᠨᠡᠳᠲᠡ ᠶᠢᠨ | ᠬᠡᠷᠡᠭ ᠢ ᠠᠷᠭᠠᠴᠠᠭᠠᠬᠤ ᠵᠡᠷᠭᠡ ᠠᠵᠢᠯ ᠤᠨ ᠨᠠᠷᠢᠨ ᠵᠦᠢᠯᠡᠰ ᠢ ᠣᠶᠢᠯᠠᠭᠠᠵᠤ᠂ ᠸᠢᠳᠢᠣ᠋ ᠪᠠᠷ ᠡᠯ᠎ᠡ ᠬᠤᠰᠢᠭᠤ ᠰᠢᠶᠠᠨ | ᠬᠤᠳᠠ ᠶᠢᠨ ᠵᠢᠵᠢᠭᠦᠷ ᠤᠨ ᠪᠠᠶᠢᠳᠠᠯ ᠢ ᠲᠤᠬᠢᠷᠠᠭᠤᠯᠪᠠ᠃ | ᠢᠦᠶ ᠵᠢᠶ ᠱᠦᠨ ᠴᠢᠬᠤᠯᠠᠴᠢᠯᠠᠭᠰᠠᠨ ᠨᠢ᠂ ᠵᠢᠵᠢᠭᠦᠷᠯᠡᠨ ᠰᠠᠬᠢᠬᠤ ᠠᠵᠢᠯ ᠪᠣᠯ ᠲᠦᠢᠯ ᠤᠨ ᠴᠢᠬᠤᠯᠠ ᠶᠤᠮ᠂ | ᠢᠯᠠᠩᠭᠤᠶ᠎ᠠ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠴᠠᠭ ᠢᠮᠠᠭᠲᠠ ᠳᠡᠭᠡᠳᠦ ᠬᠡᠮᠵᠢᠶᠡᠨ ᠤ | ᠰᠣᠨᠣᠷ ᠰᠡᠷᠡᠮᠵᠢ ᠲᠠᠢ ᠪᠠᠶᠢᠬᠤ ᠬᠡᠷᠡᠭᠲᠡᠶ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠮᠡᠳᠡᠭᠡ ᠵᠠᠩᠭᠢ ᠶᠢ | ᠮᠡᠳᠡᠭᠦᠯᠦᠨ ᠬᠦᠷᠭᠡᠬᠦ ᠪᠠᠨ ᠴᠢᠩᠭᠠᠳᠬᠠᠵᠤ᠂ ᠴᠢᠬᠤᠯᠠ ᠶᠡᠭᠡ ᠬᠡᠷᠡᠭ ᠶᠠᠪᠤᠳᠠᠯ ᠢ ︽ᠬᠠᠮᠤᠭ ᠤᠨ ᠲᠡᠷᠢᠭᠦᠨ ᠳᠤ | ᠮᠡᠳᠡᠭᠦᠯᠵᠦ᠂ ᠰᠢᠢᠳᠪᠦᠷᠢᠯᠡᠬᠦ ᠶᠢᠨ ᠳᠠᠭᠠᠤ ᠮᠡᠳᠡᠭᠦᠯᠬᠦ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠮᠡᠳᠡᠭᠡ | ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ᠂ ᠪᠦᠷᠢᠨ ᠭᠦᠢᠴᠡᠳ ᠳᠠᠮᠵᠢᠭᠤᠯᠬᠤ ᠶᠢ ᠪᠡᠶᠡᠯᠡᠭᠦᠯᠬᠦ ᠬᠡᠷᠡᠭᠲᠡᠶ᠃ | ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠯᠴᠠᠭ᠎ᠠ ᠬᠤᠯᠪᠣᠭ᠎ᠠ ᠰᠠᠭᠠᠳ ᠥᠬᠡᠶ ᠨᠡᠪᠲᠡᠷᠡᠬᠦ᠂ | ᠲᠤᠰᠬᠠᠯ ᠲᠦᠷᠭᠡᠨ᠂ ᠰᠢᠢᠳᠪᠦᠷᠢᠯᠡᠯᠲᠡ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠵᠤ᠂ ᠪᠥᠬᠦ ᠠᠶᠢᠮᠠᠭ ᠤᠨ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠰᠠᠶᠢᠲᠤᠷ ᠰᠠᠬᠢᠨ ᠬᠠᠮᠠᠭᠠᠯᠠᠵᠤ᠂ | ᠣᠯᠠᠨ ᠳᠦᠮᠡᠨ ᠤ ᠠᠮᠤᠷ ᠲᠦᠪᠰᠢᠨ᠂ ᠡᠮᠬᠢ ᠳᠢᠭᠯᠢᠮ ᠲᠠᠢ᠂ ᠪᠠᠶᠠᠷ ᠬᠥᠷ ᠲᠠᠢ ᠪᠠᠶᠠᠷ ᠤᠨ ᠡᠳᠦᠷ ᠢ ᠥᠩᠭᠡᠷᠡᠭᠦᠯᠬᠦ | ᠬᠡᠷᠡᠭᠲᠡᠶ ᠭᠡᠪᠡ᠃ |