5 ᠰᠠᠷ᠎ᠠ ᠶᠢᠨ 2 ᠤᠨ ᠡᠳᠦᠷ ᠠᠴᠠ 4 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ | ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠡᠯ᠎ᠠ ᠬᠤᠰᠢᠭᠤ ᠰᠢᠶᠠᠨ ᠬᠤᠲᠠ ᠳᠤ ᠬᠦᠷᠴᠦ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠵᠡᠷᠭᠡ ᠠᠵᠢᠯ ᠢ | ᠰᠢᠨᠵᠢᠯᠡᠨ ᠪᠠᠶᠢᠴᠠᠭᠠᠪᠠ᠃ | ᠢᠦᠶ ᠵᠢᠶ ᠱᠦᠨ ᠤᠷᠢᠳ ᠬᠤᠵᠢᠳ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ | ᠷᠠᠰᠢᠶᠠᠨ ᠬᠤᠲᠠ᠂ ᠵᠠᠯᠠᠶᠢᠳ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠵᠡᠷᠭᠡ ᠭᠠᠵᠠᠷ ᠲᠤ ᠬᠦᠷᠴᠦ᠂ ᠦᠵᠡᠮᠵᠢ ᠶᠢᠨ ᠣᠷᠣᠨ᠂ ᠬᠤᠯᠪᠣᠭᠳᠠᠯ ᠪᠥᠬᠦᠶ ᠠᠵᠤ ᠠᠬᠤᠶᠢᠯᠠᠯ᠂ | ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ ᠵᠢᠴᠢ ᠲᠠᠷᠢᠶᠠᠴᠢᠨ ᠡᠷᠦᠬᠡ ᠳᠤ ᠭᠦᠨᠵᠡᠭᠡᠶᠢᠷᠡᠨ᠂ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ᠂ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠ | ᠡᠵᠡᠩᠨᠡᠯᠲᠡ᠂ ᠰᠥᠨᠢ ᠶᠢᠨ ᠠᠵᠤ ᠠᠬᠤᠶ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠵᠡᠷᠭᠡ ᠠᠵᠢᠯ ᠢ | ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠢᠦᠢ ᠵᠢᠢ ᠱᠦᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠪᠦᠬᠦ ᠣᠷᠣᠨ ᠪᠦᠰᠡ ᠶᠢᠨ ᠵᠢᠭᠤᠯᠴᠢᠯᠠᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ︽ᠦᠵᠡᠮᠵᠢ ᠶᠢᠨ | ᠣᠷᠣᠨ +︾ ᠵᠠᠭᠪᠤᠷ ᠤᠨ ᠰᠢᠨ᠎ᠡ ᠶᠢ ᠡᠭᠦᠳᠴᠦ᠂ ᠤᠨᠴᠠᠯᠢᠬᠳᠤ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠶᠢ | ᠬᠦᠭᠵᠢᠭᠦᠯᠬᠦ᠂ ᠣᠷᠣᠨ ᠪᠦᠰᠡ ᠶᠢᠨ ᠨᠥᠯᠥᠭᠡᠯᠡᠬᠦ ᠬᠦᠴᠦᠨ ᠲᠠᠢ ᠬᠥᠳᠡᠭᠡ ᠲᠣᠰᠬᠤᠨ ᠤ ᠵᠢᠭᠤᠯᠴᠢᠯᠠᠯ ᠤᠨ ᠲᠦᠷᠦᠯ | ᠲᠡᠮᠳᠡᠭ ᠢ ᠡᠭᠦᠳᠴᠦ᠂ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃ | ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠤ | ᠣᠶᠤᠨᠴᠢ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠵᠢᠯᠯᠠᠵᠤ ᠪᠠᠶᠢᠭ᠎ᠠ ᠬᠥᠮᠦᠰ ᠤᠨ | ᠪᠣᠯᠪᠠᠰᠤᠷᠠᠯ ᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠰᠢᠰᠲ᠋ᠧᠮ ᠢ ᠪᠠᠶᠢᠭᠤᠯᠵᠤ᠂ ᠬᠢᠨᠠᠨ ᠬᠠᠮᠢᠶᠠᠷᠬᠤ | ᠲᠣᠭᠲᠠᠴᠠ ᠶᠢ ᠪᠦᠷᠢᠨᠰᠢᠬᠦᠯᠵᠦ᠂ ᠵᠢᠭᠤᠯᠴᠢᠯᠠᠭᠴᠢᠳ ᠤᠨ ᠬᠠᠨᠤᠮᠵᠢ ᠶᠢᠨ ᠬᠡᠮᠵᠢᠶ᠎ᠠ ᠶᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠳᠤᠬᠢᠷᠠᠭᠤᠯᠤᠨ ᠤᠯᠠᠨ ᠡᠰᠢᠵᠢᠭ᠍ᠰᠡᠨ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠦᠵᠡᠭᠳᠡᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ | ᠡᠭᠦᠳᠴᠦ᠂ ᠨᠡᠩ ᠶᠡᠭᠡ ᠬᠡᠪᠴᠢᠶ᠎ᠠ ᠪᠠ ᠨᠡᠩ ᠥᠷᠭᠡᠨ ᠬᠦᠷᠢᠶᠡᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠡᠯᠬᠢᠶ᠎ᠠ ᠶᠢ ᠨᠡᠶᠢᠳᠭᠡᠬᠦ᠂ ᠦᠷᠳᠡᠭ ᠤᠨ ᠬᠡᠯᠬᠢᠶ᠎ᠠ ᠢᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠪᠡ᠃ | | ᠢᠦᠶ ᠵᠢᠶ ᠱᠦᠨ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ | ᠬᠤᠭᠤᠴᠠᠭᠠᠨ ᠳᠤ ᠪᠤᠢ᠂ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠦᠢᠯᠡᠴᠢᠯᠡᠭᠡᠨ ᠤ | ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠷᠢᠶᠠᠴᠢᠨ ᠡᠷᠦᠬᠡ ᠶᠢᠨ ᠪᠣᠳᠠᠲᠠᠶ ᠬᠦᠴᠢᠷᠳᠡᠯ | ᠪᠠ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠬᠦ ᠬᠡᠷᠡᠭᠲᠡᠶ᠃ ᠤᠨᠴᠠᠯᠢᠬᠳᠤ ᠠᠵᠤ ᠦᠢᠯᠡᠰ ᠤᠨ | ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠳᠤ ᠲᠦᠰᠢᠭᠯᠡᠨ ᠡᠵᠡᠩᠨᠡᠨ ᠪᠣᠷᠣᠯᠠᠭᠤᠯᠬᠤ ᠵᠠᠭᠪᠤᠷ ᠤᠨ | ᠰᠢᠨ᠎ᠡ ᠶᠢ ᠡᠭᠦᠳᠴᠦ᠂ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠭᠡᠵᠦ᠂ ᠲᠠᠷᠢᠶᠠᠯᠠᠩ ᠤᠨ ᠪᠦᠲᠦᠭᠡᠭᠳᠡᠬᠦᠨ ᠤ | ᠲᠦᠷᠦᠯ ᠳᠡᠮᠳᠡᠭᠵᠢᠬᠦ᠂ ᠵᠠᠬ᠎ᠠ ᠳᠡᠯᠭᠡᠭᠦᠷᠴᠢᠯᠡᠨ ᠬᠥᠭᠵᠢᠬᠦ ᠶᠢ ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠵᠤ ᠣᠷᠣᠯᠭ᠎ᠠ ᠶᠢ ᠨᠡᠮᠡᠭᠳᠡᠭᠦᠯᠬᠦ ᠰᠠᠭᠤᠷᠢ ᠶᠢ ᠪᠠᠲᠤᠳᠬᠠᠬᠤ ᠬᠡᠷᠡᠭᠲᠡᠢ ᠭᠡᠵᠡᠢ᠃ |